ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠨ ᠠᠬᠢᠭᠤᠯᠬᠤ ᠶᠢᠨ | ᠲᠤᠰᠠᠳᠠ᠂ ᠤᠯᠤᠰ ᠠᠴᠠ ᠮᠠᠨ ᠤ ᠣᠷᠣᠨ ᠤ ᠣᠶᠢᠵᠢᠭᠤᠯᠤᠯᠲᠠ ᠬᠢᠬᠦ ᠨᠥᠬᠦᠪᠦᠷᠢ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠨᠥᠬᠦᠪᠦᠷᠢ ᠪᠡᠯᠡ ᠮᠥᠩᠭᠦ ᠶᠢ ᠨᠡᠶᠢᠲᠡ 3.93 ᠳ᠋ᠦᠩᠰᠢᠭᠤᠷ | ᠲᠥᠭᠦᠷᠢᠭ ᠤᠷᠢᠳᠴᠢᠯᠠᠨ ᠪᠠᠭᠤᠯᠭᠠᠪᠠ᠃ | ᠡᠭᠦᠨ ᠳᠤ 38349 ᠲᠦᠮᠡᠨ ᠲᠥᠭᠦᠷᠢᠭ ᠤᠨ ᠣᠶᠢᠵᠢᠭᠤᠯᠤᠯᠲᠠ ᠬᠢᠬᠦ ᠨᠥᠬᠦᠪᠦᠷᠢ ᠪᠡᠯᠡ ᠮᠥᠩᠭᠦ | ᠪᠠᠭᠤᠯᠭᠠᠵᠤ᠂ ᠬᠥᠮᠥᠨ ᠤ ᠬᠥᠴᠥᠨ ᠢᠶᠠᠷ ᠣᠶᠢᠵᠢᠭᠤᠯᠬᠤ᠂ ᠴᠢᠨᠠᠷ ᠮᠠᠭᠤᠲᠠᠢ ᠦᠷ᠎ᠡ ᠠᠰᠢᠭ ᠳᠣᠣᠷ᠎ᠠ ᠣᠶ | ᠰᠢᠭᠤᠢ ᠶᠢ ᠥᠭᠡᠷᠡᠴᠢᠯᠡᠬᠦ ᠡᠭᠦᠷᠭᠡ ᠶᠢ ᠨᠡᠶᠢᠲᠡ 113.66 ᠲᠦᠮᠡᠨ ᠮᠦ ᠲᠣᠬᠢᠷᠠᠭᠤᠯᠪᠠ᠃ ᠡᠯᠡᠰᠦᠷᠬᠡᠭᠵᠢᠭᠰᠡᠨ | ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠣᠷᠣᠨ ᠳᠤ ᠨᠥᠬᠦᠪᠦᠷᠢᠯᠡᠬᠦ 951 ᠲᠦᠮᠡᠨ | ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠵᠤ᠂ ᠨᠢᠭᠡᠨᠲᠡ ᠪᠠᠶᠢᠭᠤᠯᠤᠭᠰᠠᠨ ᠪᠢᠲᠡᠭᠦᠮᠵᠢᠯᠡᠨ ᠴᠠᠭᠠᠵᠠᠯᠠᠵᠤ | ᠬᠠᠮᠠᠭᠠᠯᠠᠬᠤ ᠣᠷᠣᠨ ᠳᠠᠬᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠪᠠ ᠨᠤᠲᠤᠭ ᠪᠡᠯᠴᠢᠭᠡᠷ ᠤᠨ ᠱᠠᠩᠨᠠᠯ | ᠨᠥᠬᠦᠪᠦᠷᠢ ᠶᠢ ᠭᠥᠷᠳᠡᠭᠰᠡᠨ ᠦᠭᠡᠢ ᠲᠠᠯᠠᠪᠠᠶ ᠳᠤ ᠨᠥᠬᠦᠪᠦᠷᠢ ᠥᠭᠴᠦ᠂ ᠭᠤᠣᠯᠳᠠᠭᠤ ᠪᠢᠲᠡᠭᠦᠮᠵᠢᠯᠡᠨ ᠴᠠᠭᠠᠵᠠᠯᠠᠵᠤ | ᠬᠠᠮᠠᠭᠠᠯᠠᠬᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢ ᠪᠡᠯᠡ | ᠮᠥᠩᠭᠦ ᠪᠠ ᠡᠭᠦᠷᠭᠡ ᠪᠠᠨ ᠲᠥᠷᠥᠯ ᠵᠦᠢᠯ ᠤᠨ ᠬᠤᠰᠢᠭᠤ ᠰᠢᠶᠠᠨ ᠳᠤ ᠳᠠᠷᠦ᠋ᠢᠬᠠᠨ ᠪᠠᠭᠤᠯᠭᠠᠵᠤ᠂ ᠡᠭᠦᠷᠭᠡ ᠪᠠᠨ | ᠴᠠᠭ ᠲᠤᠬᠠᠢ ᠳᠤ ᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠨᠥᠬᠦᠪᠦᠷᠢ ᠥᠭᠬᠦ ᠲᠥᠷᠥᠯ ᠵᠦᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠳᠤᠷᠠᠳᠤᠭᠰᠠᠨ ᠣᠨᠴᠠᠯᠢᠭᠲᠤ ᠣᠶ ᠵᠢᠮᠢᠰ᠂ ᠮᠣᠳᠣᠯᠢᠭ ᠠᠮᠤ ᠲᠣᠰᠣ ᠵᠡᠷᠭᠡ ᠠᠵᠤ ᠦᠢᠯᠡᠰ ᠢ ᠬᠥᠭᠵᠢᠭᠦᠯᠬᠦ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠢᠨ ᠣᠨᠴᠠᠯᠢᠭᠲᠤ ᠣᠶ ᠵᠢᠮᠢᠰ᠂ | ᠮᠣᠳᠣᠯᠢᠭ ᠠᠮᠤ ᠲᠣᠰᠣ ᠳᠠᠷᠢᠵᠤ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠨᠠᠶᠢᠯᠵᠠᠭᠤᠷ ᠬᠠᠷᠭᠠᠨ᠎ᠠ ᠶᠢᠨ ᠪᠤᠲᠠ | ᠮᠣᠳᠣᠨ ᠤ ᠣᠶ ᠳᠠᠷᠢᠬᠤ ᠪᠠ ᠲᠡᠭᠰᠢ ᠬᠤᠵᠤᠤᠯ᠎ᠠ ᠪᠠᠷ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ | ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠪᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦᠷᠬᠡᠭᠵᠢᠬᠦ ᠶᠢ | ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠰᠡᠶᠢᠷᠡᠭᠵᠢᠭᠰᠡᠨ ᠤᠢ ᠶᠢᠨ ᠬᠦᠢ ᠶᠢ ᠰᠡᠷᠭᠦᠭᠡᠬᠦ ᠪᠠ ᠴᠢᠨᠠᠷ | ᠮᠠᠭᠤᠲᠠᠢ ᠦᠷ᠎ᠡ ᠠᠰᠢᠭ ᠳᠣᠣᠷ᠎ᠠ ᠤᠢ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠤᠢ ᠰᠢᠭᠤᠢ ᠶᠢᠨ | ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠴᠥᠯᠡᠷᠬᠡᠭᠵᠢᠭᠰᠡᠨ ᠪᠠ | ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠦᠷᠭᠦᠯᠵᠢᠯᠡᠨ ᠠᠬᠢᠭᠤᠯᠵᠤ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠵᠠᠰᠠᠯᠲᠠ ᠶᠢᠨ | ᠨᠥᠬᠦᠴᠡᠯ ᠢ ᠲᠦᠷ ᠴᠠᠭ ᠪᠦᠷᠢᠯᠳᠦᠭᠦᠯᠦᠭᠡᠳᠦᠢ ᠪᠤᠶᠤ ᠠᠮᠢ ᠠᠬᠤᠢ ᠶᠢ ᠬᠠᠮᠠᠭᠠᠯᠠᠬᠤ ᠬᠡᠷᠡᠭᠴᠡᠭᠡ ᠠᠴᠠ ᠪᠣᠯᠵᠤ | ᠨᠡᠭᠡᠭᠡᠨ ᠠᠰᠢᠭᠯᠠᠬᠤ ᠳᠤ ᠲᠣᠬᠢᠷᠠᠬᠤ ᠦᠭᠡᠢ ᠵᠠᠯᠭᠠᠯᠳᠤᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ | ᠴᠠᠭᠠᠵᠠᠯᠠᠵᠤ ᠬᠠᠮᠠᠭᠠᠯᠠᠬᠤ ᠶᠢ ᠬᠡᠷᠡᠭᠵᠢᠭᠦᠯᠵᠦ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠲᠠᠯᠠᠪᠠᠶ ᠶᠢ ᠦᠷᠭᠦᠯᠵᠢᠯᠡᠨ ︽ᠬᠤᠣᠰ ᠢᠶᠠᠷ ᠪᠠᠭᠠᠰᠬᠠᠬᠤ︾ ᠶᠢ ᠪᠡᠶᠡᠯᠡᠭᠦᠯᠪᠡ᠃ |