ᠮᠠᠨ ᠤ ᠣᠷᠣᠨ ᠤ ᠭᠡᠷ ᠲᠤ ᠪᠠᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠠᠮᠤᠷᠤᠭᠰᠠᠨ ᠨᠣᠷᠮ᠎ᠠ 97.3% ᠳᠤ ᠬᠥᠷᠪᠡ
ᠨᠡᠶᠢᠲᠡᠯᠡᠭᠰᠡᠨ ᠴᠠᠭ᠄
2023/2/15
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠨ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠥᠷᠪᠡᠳᠦᠭᠡᠷ ᠲᠠᠯᠠᠪᠤᠷ — ︽ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠶ᠎ᠠ︾ ᠭᠡᠬᠦ ᠲᠤᠰᠬᠠᠢ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠭᠡᠷ ᠲᠤ ᠪᠠᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠠᠮᠤᠷᠤᠭᠰᠠᠨ ᠨᠣᠷᠮ᠎ᠠ ᠨᠢᠭᠡᠨᠲᠡ 97.3% ᠳᠤ ᠬᠦᠷᠴᠦ᠂ ᠬᠤᠲᠠ ᠶᠢᠨ ︽ᠨᠢᠭᠡ ᠮᠥᠴᠡ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠦᠨᠳᠦᠰᠦᠨ ᠳᠤ ᠪᠠᠨ ᠪᠠᠶᠢᠭᠤᠯᠤᠭᠳᠠᠪᠠ᠃      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠬᠠᠶᠢᠷ᠎ᠠ ᠬᠠᠯᠠᠮᠵᠢ ᠲᠠᠢ᠂ ᠨᠠᠩ ᠴᠢᠨᠠᠷ ᠰᠠᠶᠢᠲᠠᠢ ᠪᠣᠯᠭᠠᠬᠤ ᠶᠢᠨ ᠲᠤᠰᠠᠳᠠ᠂ 2020 ᠣᠨ ᠠᠴᠠ ᠨᠠᠭᠠᠰᠢ᠂ ᠮᠠᠨ ᠤ ᠣᠷᠣᠨ ᠤ ᠡᠯ᠎ᠡ ᠭᠠᠵᠠᠷ ᠤᠨ ᠬᠢᠨ ᠨᠡᠶᠢᠲᠡ 4.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠭᠡᠷ ᠲᠤ ᠪᠠᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃ 2022 ᠣᠨ ᠤ ᠡᠴᠦᠰ ᠢᠶᠠᠷ᠂ ᠮᠠᠨ ᠤ ᠣᠷᠣᠨ ᠵᠡᠭᠡᠯᠢ ᠭᠤᠳᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ ᠨᠡᠶᠢᠲᠡ 268 ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ 932᠂ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ ᠢ 373 ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠭᠡᠷ ᠤᠨ ᠲᠤᠭ᠎ᠠ 347 ᠳᠤ ᠬᠦᠷᠴᠦ᠂ ᠨᠠᠰᠤᠲᠠᠶᠢᠴᠤᠳ ᠲᠤ ᠬᠤᠭᠤᠯᠠ ᠤᠮᠳᠠ᠂ ᠡᠮᠴᠢᠯᠡᠭᠡ᠂ ᠤᠬᠢᠶᠠᠯᠭ᠎ᠠ᠂ ᠴᠡᠪᠡᠷᠯᠡᠭᠡ᠂ ᠪᠠᠴᠢᠮ ᠪᠠᠶᠢᠳᠠᠯ᠂ ᠠᠶᠠᠯᠠᠯ ᠳᠤ ᠲᠤᠰᠠᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠨᠠᠰᠤᠵᠢᠯ ᠤᠨ ᠦᠢᠯᠡᠴᠢᠯᠡᠭᠡ ᠶᠢ ᠬᠠᠩᠭᠠᠵᠤ᠂ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃      ᠡᠨᠡ ᠵᠢᠯ᠂ ᠮᠠᠨ ᠤ ᠣᠷᠣᠨ ᠬᠤᠲᠠ ᠬᠥᠳᠡᠭᠡ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠠᠬᠢᠭᠤᠯᠵᠤ᠂ ᠭᠡᠷ ᠲᠤ ᠪᠠᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠳᠤ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠬᠤ᠂ ᠭᠡᠷ ᠲᠤ ᠪᠠᠨ ᠰᠠᠭᠤᠭ᠎ᠠ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ ᠵᠡᠷᠭᠡ ᠲᠠᠯ᠎ᠠ ᠪᠠᠷ᠂ ᠥᠷᠭᠡᠨ ᠣᠯᠠᠨ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号