ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠪᠤᠭᠤᠲᠤ ᠳᠤ ᠶᠠᠪᠤᠭᠳᠠᠪᠠ ᠳ᠋ᠢᠩ ᠰᠢᠤ ᠹᠧᠩ ᠪᠠᠶᠠᠷ ᠤᠨ ᠦᠭᠡ ᠬᠡᠯᠡᠵᠦ ᠪᠦᠦ ᠰᠢᠶᠠᠨ ᠬᠤᠸᠠ ᠣᠷᠣᠯᠴᠠᠵᠠᠢ
ᠨᠡᠶᠢᠲᠡᠯᠡᠭᠰᠡᠨ ᠴᠠᠭ᠄
2023/2/16
     2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠪᠤᠭᠤᠲᠤ ᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠭᠰᠠᠨ ᠪᠥᠭᠡᠳ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠤᠨ ᠫᠠᠶᠢᠰᠠ ᠶᠢ ᠰᠡᠬᠦᠪᠡ᠃ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠠᠴᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠸᠧᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃      ᠳ᠋ᠢᠩ ᠰᠢᠤ ᠹᠧᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠪᠤᠭᠤᠲᠤ ᠪᠣᠯ ᠮᠠᠨ ᠤ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ᠂ ᠴᠢᠳᠠᠮᠵᠢᠲᠤ ᠮᠠᠲ᠋ᠧᠷᠢᠶᠠᠯ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠪᠠ ᠰᠤᠳᠤᠯᠤᠨ ᠨᠡᠭᠡᠭᠡᠵᠦ ᠬᠡᠷᠡᠭᠯᠡᠬᠦ ᠰᠠᠭᠤᠷᠢᠨ ᠪᠠᠶᠢᠵᠤ᠂ ︽ᠬᠤᠪᠣᠷ ᠰᠢᠷᠣᠢ ᠶᠢᠨ ᠬᠤᠳᠠ︾ ᠬᠡᠮᠡᠭᠳᠡᠵᠡᠢ᠃ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠭᠳᠠᠭᠰᠠᠨ ᠨᠢ ᠯᠠᠪᠳᠠᠶ᠎ᠠ ᠪᠤᠭᠤᠲᠤ ᠪᠣᠯᠣᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠵᠦ᠂ ᠮᠠᠨ ᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠠᠯᠤᠰ ᠬᠡᠳᠦ ᠶᠢᠨ ᠨᠥᠯᠥᠭᠡ ᠦᠵᠡᠭᠦᠯᠬᠦ ᠪᠣᠯᠣᠨ᠎ᠠ ᠭᠡᠵᠦ ᠴᠢᠬᠤᠯᠠᠴᠢᠯᠠᠪᠠ᠃      ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号