2 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ︽ᠲᠠᠪᠤᠨ ᠶᠡᠭᠡ ᠡᠭᠦᠷᠭᠡ︾ ᠶᠢᠨ ᠲᠤᠰᠬᠠᠢ ᠲᠥᠷᠥᠯ ᠤᠨ ᠬᠠᠤᠯᠢ | ᠲᠣᠭᠲᠠᠭᠠᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠥᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠱᠣᠣ | ᠴᠥᠨ ᠬᠤᠷᠠᠯ ᠢ ᠡᠷᠬᠢᠯᠡᠵᠡᠢ᠃ | ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠲᠤᠰᠬᠠᠢ ᠲᠥᠷᠥᠯ ᠤᠨ ᠬᠠᠤᠯᠢ | ᠲᠣᠭᠲᠠᠭᠠᠬᠤ ᠠᠵᠢᠯ ᠢ ᠥᠷᠨᠢᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠲᠠᠲᠠᠢ ᠠᠷᠭ᠎ᠠ ᠬᠡᠮᠵᠢᠶ᠎ᠡ ᠪᠠᠶᠢᠵᠤ᠂ ︽ᠬᠤᠶᠠᠷ ᠢ | ᠲᠣᠭᠲᠠᠭᠠᠭᠰᠠᠨ︾ ᠢ ᠡᠷᠡᠰ ᠬᠥᠷᠢᠶᠡᠯᠡᠬᠦ ᠶᠢ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠤᠲᠠᠲᠤ | ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠮᠥᠨ᠃ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ | ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |