2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠵᠢᠯᠴᠠᠨ ᠡᠷᠭᠢᠯᠡᠭᠰᠡᠨ ︽︿ᠥᠪᠥᠷ ᠮᠣᠩᠭᠤᠯ ᠤᠨ | ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ﹀ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳ᠋ ᠤᠨ | ᠠᠷᠠᠪ ᠤᠨ ᠭᠠᠳᠠᠭᠠᠳᠤ ᠳᠠᠬᠢ ᠠᠵᠤ ᠠᠬᠤᠢ ᠠᠷᠠᠯᠵᠢᠶᠠᠨ ᠤ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ | ᠬᠥᠬᠡᠬᠤᠲᠠ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠪᠡ᠃ | ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ | ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ︾ ᠰᠢᠷᠢᠰ ᠠᠵᠢᠯᠯᠠᠭ᠎ᠠ ᠶᠢᠨ ᠨᠢᠭᠡ ᠨᠢ ᠪᠠᠶᠢᠵᠤ᠂ ᠲᠣᠰ | ᠠᠵᠢᠯᠯᠠᠭ᠎ᠠ ᠨᠢ ᠳ᠋ᠦᠪᠠᠢ ᠶᠢᠨ ᠲᠡᠯᠡᠶ ᠶᠢᠨ ᠪᠤᠯᠤᠩ ᠤᠨ ᠢᠳᠡᠭᠡᠨ ᠤ ᠦᠵᠡᠰᠬᠦᠯᠡᠩ ᠳᠤ ᠣᠷᠤᠯᠴᠠᠬᠤ ᠪᠠᠷ ᠭᠤᠣᠯᠯᠠᠵᠤ | ᠂ ᠲᠣᠰ ᠬᠤᠭᠤᠴᠠᠭᠠᠨ ᠳᠤ ᠪᠠᠰᠠ ᠲᠠᠨᠢᠯᠴᠠᠭᠤᠯᠤᠨ ᠵᠥᠪᠳᠡᠯᠴᠡᠬᠦ᠂ ᠰᠠᠨᠠᠯ ᠢᠶᠠᠨ ᠰᠣᠯᠢᠯᠴᠠᠵᠤ ᠠᠭᠤᠯᠵᠠᠬᠤ᠂ | ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠥᠬᠦ ᠣᠷᠣᠨ ᠤ ᠭᠠᠳᠠᠭᠠᠳᠤ ᠠᠷᠠᠯᠵᠢᠶᠠᠨ ᠤ 51 ᠠᠵᠤ ᠠᠬᠤᠶᠢᠯᠠᠯ | ᠨᠡᠷ᠎ᠡ ᠮᠡᠳᠡᠭᠦᠯᠦᠨ ᠣᠷᠣᠯᠴᠠᠵᠤ᠂ ᠭᠤᠣᠯᠳᠠᠭᠤ ᠨᠡᠷᠡᠨ ᠬᠤᠸᠠᠷ ᠤᠨ ᠦᠷ᠎ᠡ᠂ ᠲᠦᠭᠦᠬᠡᠢ ᠪᠠ ᠪᠣᠯᠤᠭᠰᠠᠨ ᠦᠬᠡᠷ | ᠬᠤᠨᠢᠨ ᠤ ᠮᠢᠬ᠎ᠠ᠂ ᠲᠥᠪᠡᠳ ᠬᠠᠰᠢ ᠶᠢᠨ ᠡᠭᠡᠳᠡᠩ ᠵᠡᠷᠭᠡ 11 ᠲᠥᠷᠥᠯ ᠤᠨ ᠪᠦᠲᠦᠬᠡᠭᠳᠡᠬᠦᠨ ᠳᠤ ᠬᠤᠯᠪᠣᠭᠳᠠᠵᠤ᠂ | ᠮᠠᠨ ᠤ ᠣᠷᠣᠨ ᠤ ᠢᠳᠡᠭᠡᠨ ᠤ ᠲᠥᠷᠥᠯ ᠤᠨ ᠭᠠᠳᠠᠭᠠᠳᠤ ᠳᠤ ᠭᠠᠷᠭᠠᠬᠤ ᠲᠠᠸᠠᠷ ᠢ ᠦᠨᠳᠦᠰᠦᠨ ᠳᠤ ᠪᠠᠨ ᠬᠠᠮᠤᠷᠪᠠ᠃ | ᠠᠵᠢᠯᠯᠠᠭ᠎ᠠ ᠶᠢᠨ ᠭᠤᠣᠯ ᠵᠣᠷᠢᠯᠭ᠎ᠠ ᠨᠢ ᠳᠤᠮᠳᠠᠳᠤ ᠳᠣᠷᠣᠨᠠᠲᠤ ᠶᠢᠨ ᠤᠯᠤᠰ ᠤᠳ ᠤᠨ ᠵᠠᠬ᠎ᠠ ᠳᠡᠯᠭᠡᠭᠦᠷ ᠢ | ᠪᠠᠬᠢᠵᠢᠭᠦᠯᠦᠨ ᠥᠷᠭᠡᠳᠬᠡᠵᠦ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠨᠡᠩ ᠤᠯᠠᠨ ᠳᠠᠪᠠᠭᠤᠯᠢᠭ | ᠪᠦᠲᠦᠬᠡᠭᠳᠡᠬᠦᠨ ᠢ ᠲᠠᠯᠠᠢ ᠶᠢᠨ ᠪᠤᠯᠤᠩ ᠤᠨ ᠤᠯᠤᠰ ᠤᠳ ᠲᠤ ᠪᠣᠷᠣᠯᠠᠭᠤᠯᠬᠤ ᠶᠢᠨ ᠬᠠᠮᠲᠤ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠳᠣᠷᠣᠨᠠᠲᠤ ᠶᠢᠨ ᠤᠯᠤᠰ ᠤᠳ ᠤᠨ | ᠬᠤᠳᠠᠯᠳᠤᠭᠠᠴᠢᠨ ᠢ ᠲᠠᠲᠠᠵᠤ ᠮᠠᠨ ᠤ ᠣᠷᠣᠨ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢᠨ ᠲᠤᠰᠠᠳᠠ ᠶᠤᠮ᠃ |