ᠴᠠᠭ ᠮᠥᠴᠡ ᠲᠠᠢ ᠤᠷᠤᠯᠳᠤᠨ ᠲᠦᠷᠭᠡᠨ ᠬᠥᠭᠡᠭᠡᠵᠦ ᠬᠥᠭᠵᠢᠯᠲᠡ ᠶᠢ ᠠᠳᠬᠤᠨ᠎ᠠ ᠸᠠᠩ ᠯᠢ ᠰᠢᠶᠠ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠭᠦ ᠠᠩᠬᠠᠳᠠᠭᠴᠢ ᠲᠠᠯᠠᠪᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/22
     2 ᠰᠠᠷ᠎ᠠ ᠶᠢᠨ 21 ᠤ ᠡᠳᠦᠷ᠂ ᠸᠠᠩ ᠯᠢ ᠰᠢᠶᠠ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠭᠦ ᠠᠩᠬᠠᠳᠠᠭᠴᠢ ᠲᠠᠯᠠᠪᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠶᠠᠳᠤᠭᠠᠷ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠤᠯᠠᠨ ᠲᠠᠢ ᠬᠠᠮᠲᠤ ᠪᠠᠷ ᠵᠥᠷᠢᠶ᠎ᠡ ᠪᠠᠨ ᠡᠷᠢᠵᠦ᠂ ᠰᠡᠳᠬᠢᠮᠵᠢ ᠪᠠᠨ ᠰᠢᠯᠤᠭᠤᠳᠬᠠᠵᠤ᠂ ᠠᠷᠭ᠎ᠠ ᠰᠦᠪᠡᠭᠴᠢᠯᠡᠵᠦ᠂ ᠶᠠᠮᠠᠷ ᠠᠷᠭ᠎ᠠ ᠬᠡᠮᠵᠢᠶ᠎ᠡ ᠠᠪᠴᠤ ᠬᠥᠭᠡᠭᠡᠵᠦ ᠭᠦᠢᠴᠡᠨ ᠳᠠᠪᠠᠨ ᠲᠦᠷᠦᠭᠦᠯᠭᠦ ᠶᠢ ᠰᠤᠳᠤᠯᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠪᠠᠶᠢᠷᠢ  ᠶᠢ ᠳᠡᠭᠡᠭᠰᠢᠯᠡᠭᠦᠯᠦᠨ ᠳᠡᠰ ᠳᠡᠪᠰᠢᠭᠦᠯᠭᠦ ᠶᠢ ᠠᠬᠢᠭᠤᠯᠬᠤ ᠲᠤᠬᠠᠢ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠲᠤᠭ᠎ᠠ ᠪᠠᠷᠢᠮᠲᠠ ᠶᠢ ᠵᠠᠳᠠᠯᠬᠤ᠂ ᠬᠡᠷᠡᠭ ᠤᠨ ᠵᠢᠱᠢᠶ᠎ᠡ ᠶᠢ ᠬᠠᠷᠢᠴᠠᠭᠤᠯᠬᠤ ᠪᠠᠷ ᠳᠡᠮᠵᠢᠨ ᠠᠵᠢᠯ ᠤᠨ ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠣᠰ ᠲᠣᠰ ᠤᠨ ᠬᠦᠷᠢᠶᠡᠨ ᠤ ᠬᠥᠭᠡᠭᠡᠨ ᠭᠦᠢᠴᠡᠵᠦ ᠳᠠᠪᠠᠨ ᠲᠦᠷᠦᠭᠦᠯᠭᠦ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠪᠡ᠃      ᠸᠠᠩ ᠯᠢ ᠰᠢᠶᠠ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠪᠣᠳᠠᠲᠠᠢ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ᠃ ᠸᠠᠩ ᠯᠢ ᠰᠢᠶᠠ᠂ ᠪᠠᠶᠢᠷᠢ ᠶᠢ ᠳᠡᠭᠡᠭᠰᠢᠯᠡᠭᠦᠯᠦᠨ ᠲᠡᠰ ᠳᠡᠪᠰᠢᠭᠦᠯᠭᠦ ᠨᠢ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠢᠮᠠᠭᠲᠠ ᠲᠠᠯᠪᠢᠭᠰᠠᠭᠠᠷ ᠢᠷᠡᠭᠰᠡᠨ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠠᠴᠢᠶᠠᠯᠠᠵᠤ ᠪᠠᠶᠢᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠳᠤ ᠪᠤᠰᠤᠳᠴᠢ ᠪᠠᠷ ᠬᠠᠨᠳᠤᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠡᠪᠦᠷᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠱᠠᠯᠠᠪᠳᠠᠨ ᠠᠵᠢᠯᠯᠠᠬᠤ ᠬᠡᠷᠡᠭᠲᠡᠢ᠃ ᠨᠢᠭᠡ ᠳᠤ ᠶᠡᠷᠦᠩᠬᠡᠢ ᠬᠡᠮᠵᠢᠶ᠎ᠡ ᠶᠢ ᠠᠳᠬᠤᠵᠤ᠂ ᠶᠡᠭᠡ ᠪᠠᠭ᠎ᠠ ᠶᠢ ᠠᠳᠠᠯᠢᠳᠬᠠᠵᠤ᠂ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠳᠪᠦᠷᠢ ᠶᠢᠨ ᠬᠡᠯᠬᠢᠶ᠎ᠡ ᠶᠢ ᠲᠥᠪᠯᠡᠷᠡᠭᠦᠯᠦᠨ ᠪᠦᠯᠦᠭᠵᠢᠭᠦᠯᠵᠦ᠂ ᠪᠠᠷᠢᠯᠭ᠎ᠠ ᠶᠢᠨ ᠦᠢᠯᠡᠰ ᠢ ᠴᠢᠭᠢᠷᠠᠭᠵᠢᠭᠤᠯᠵᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠪᠦᠲᠦᠴᠡ ᠶᠢ ᠠᠳᠬᠤᠵᠤ᠂ ᠶᠠᠰᠤ ᠴᠢᠨᠠᠷ ᠢ ᠠᠳᠠᠯᠢᠳᠬᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠠ ᠭᠡᠯᠪᠡᠷᠢ ᠶᠢ ᠬᠤᠪᠢᠷᠠᠭᠤᠯᠵᠤ ᠪᠦᠲᠦᠴᠡ ᠶᠢ ᠲᠣᠬᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠭᠤᠷᠪᠠ ᠳᠤ ᠠᠷᠠᠯᠵᠢᠶᠠᠴᠢᠨ ᠤᠷᠢᠬᠤ ᠶᠢ ᠠᠳᠬᠤᠵᠤ᠂ ᠨᠠᠶᠢᠳᠠᠪᠤᠷᠢᠵᠢᠭᠤᠯᠬᠤ ᠶᠢ ᠠᠳᠠᠯᠢᠳᠬᠠᠵᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠵᠤ ᠦᠢᠯᠡᠰ ᠢ ᠬᠠᠮᠢᠶᠠᠷᠬᠤ᠂ ᠠᠷᠠᠯᠵᠢᠶᠠᠴᠢᠨ ᠤᠷᠢᠬᠤ ᠶᠢ ᠬᠠᠮᠢᠶᠠᠷᠬᠤ ᠶᠢ ᠪᠠᠷᠢᠮᠲᠠᠯᠠᠵᠤ᠂ ᠡᠯ᠎ᠡ ᠲᠢᠩᠬᠢᠮ ᠲᠣᠪᠴᠢᠶᠠᠨ ᠳᠠᠷᠤᠭ᠎ᠠ ᠠᠶᠢᠮᠠᠭ ᠬᠤᠲᠠ ᠶᠢ ᠳᠠᠭᠠᠭᠤᠯᠤᠨ᠂ ᠠᠵᠤ ᠠᠬᠤᠶᠢᠯᠠᠯ ᠢ ᠬᠠᠪᠰᠤᠷᠴᠤ᠂ ᠲᠥᠷᠥᠯ ᠵᠦᠢᠯ ᠢ ᠠᠬᠢᠭᠤᠯᠵᠤ᠂ ᠭᠠᠷᠠᠭ ᠪᠦᠷᠢ ᠰᠢᠨ᠎ᠡ ᠠᠬᠢᠴᠠ ᠲᠠᠢ ᠪᠠᠶᠢᠬᠤ ᠬᠡᠷᠡᠭᠲᠡᠢ᠃ ᠳᠥᠷᠪᠡ ᠳᠤ ᠲᠥᠷᠥᠯ ᠵᠦᠢᠯ ᠢ ᠠᠳᠬᠤᠵᠤ᠂ ᠠᠬᠢᠴᠠ ᠶᠢ ᠠᠳᠠᠯᠢᠳᠬᠠᠵᠤ᠂ ᠪᠦᠭᠦ ᠬᠦᠴᠦ ᠪᠠᠨ ᠰᠢᠪᠬᠠᠨ ᠲᠥᠯᠥᠪᠵᠢᠭᠦᠯᠦᠭᠰᠡᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠭᠦᠨ ᠢ ᠠᠵᠢᠯ ᠡᠭᠢᠯᠡᠭᠦᠯᠭᠦ ᠬᠡᠷᠡᠭᠲᠡᠢ᠃ ᠲᠠᠪᠤ ᠳᠤ ᠠᠵᠤ ᠠᠬᠤᠶᠢᠯᠠᠯ ᠢ ᠠᠳᠬᠤᠵᠤ᠂ ᠭᠡᠮ ᠬᠡᠮᠵᠢᠶ᠎ᠡ ᠶᠢ ᠠᠳᠠᠯᠢᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠴᠥᠮ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠳᠠᠭᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠵᠢᠷᠭᠤᠭ᠎ᠠ ᠳᠤ ᠠᠷᠪᠢᠯᠠᠨ ᠭᠠᠮᠨᠠᠬᠤ ᠶᠢ ᠠᠳᠬᠤᠵᠤ᠂ ᠦᠷ᠎ᠡ ᠠᠰᠢᠭ ᠢ ᠠᠳᠠᠯᠢᠳᠬᠠᠵᠤ᠂ ᠪᠦᠳᠦᠭᠦᠯᠢᠭ ᠮᠠᠶ᠋ᠢᠭ ᠤᠨ ᠬᠥᠭᠵᠢᠯᠲᠡ ᠶᠢᠨ ᠠᠷᠭ᠎ᠠ ᠮᠠᠶ᠋ᠢᠭ ᠢ ᠨᠠᠷᠢᠯᠢᠭᠵᠢᠭᠤᠯᠤᠭᠰᠠᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠣᠯᠤᠭ᠎ᠠ ᠳᠤ ᠣᠷᠴᠢᠨ ᠨᠥᠬᠦᠴᠡᠯ ᠢ ᠠᠳᠬᠤᠵᠤ᠂ ᠦᠢᠯᠡᠴᠢᠯᠡᠭᠡ ᠶᠢ ᠠᠳᠠᠯᠢᠳᠬᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠴᠢᠯᠡᠭᠡ ᠰᠠᠶᠢᠨ ᠡᠰᠡᠬᠦ ᠶᠢ ᠠᠵᠤ ᠠᠬᠤᠶᠢᠯᠠᠯ ᠪᠠ ᠣᠯᠠᠨ ᠲᠦᠮᠡᠨ  ᠢᠶᠠᠷ ᠦᠨᠡᠯᠡᠭᠦᠯᠭᠦ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠪᠠᠢ ᠴᠢᠩ ᠶᠤᠸᠠᠨ᠂ ᠶᠠᠩ ᠵᠢᠶᠧ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号