2 ᠰᠠᠷ᠎ᠠ ᠶᠢᠨ 22 ᠤᠨ 13 ᠴᠠᠭ ᠤᠨ ᠦᠶ᠎ᠡ ᠪᠠᠷ᠂ ᠮᠠᠨ ᠤ ᠣᠷᠣᠨ ᠤ ᠠᠯᠠᠱᠠ ᠵᠡᠭᠦᠨ ᠬᠤᠰᠢᠭᠤᠨ ᠤ | ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠡᠭᠦᠷᠡᠵᠦ᠂ | ᠤᠯᠠᠨ ᠬᠥᠮᠥᠨ ᠬᠤᠯᠪᠤᠭ᠎ᠠ ᠲᠠᠰᠤᠷᠠᠬᠰᠠᠨ ᠪᠠ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠨ᠎ᠠ᠃ ᠠᠳᠡᠯ | ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠲᠡᠷᠡ ᠳᠠᠷᠤᠢ ᠳᠤᠨᠢ ᠪᠠᠶᠢᠷᠢᠯᠠᠭᠤᠯᠤᠯᠲᠠ ᠬᠢᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠠᠷᠤᠢ ᠲᠦᠷᠭᠡᠨ ᠠᠪᠤᠷᠠᠨ | ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠬᠥᠮᠥᠨ ᠬᠠᠷ᠎ᠠ ᠶᠢᠨ ᠠᠳᠡᠯ | ᠰᠢᠷᠬᠠᠲᠤᠯ ᠢ ᠪᠠᠭᠠᠰᠬᠠᠵᠤ᠂ ᠠᠯᠢ ᠲᠦᠷᠭᠡᠨ ᠢᠶᠠᠷ ᠨᠠᠷᠢᠨ ᠪᠠᠶᠢᠳᠠᠯ ᠢ ᠣᠶᠢᠯᠠᠭᠠᠵᠤ᠂ ᠴᠠᠭ ᠲᠤᠬᠠᠢ ᠳᠤᠨᠢ ᠮᠡᠳᠡᠭᠦᠯᠭᠦ | ᠬᠡᠷᠡᠭᠲᠡᠢ ᠭᠡᠵᠦ ᠱᠠᠭᠠᠷᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤ ᠨᠠᠶᠢᠳᠠᠵᠤ ᠲᠤᠬᠠᠢ ᠶᠢᠨ ᠲᠠᠯᠠᠪᠠᠶ ᠳᠤ ᠬᠦᠷᠴᠦ | ᠠᠪᠤᠷᠠᠨ ᠲᠤᠰᠠᠯᠠᠬᠤ ᠠᠵᠢᠯ ᠢ ᠵᠢᠭᠠᠨ ᠵᠢᠯᠣᠭᠤᠳᠤᠭᠤᠯᠪᠠ᠃ ᠠᠵᠢᠯ ᠤᠨ ᠰᠢᠨ᠎ᠡ ᠠᠬᠢᠴᠠ ᠶᠢ ᠤᠯᠠᠮ ᠴᠢᠨᠠᠭᠰᠢᠳᠠ | ᠣᠶᠢᠯᠠᠭᠠᠭᠰᠠᠨ ᠤ ᠲᠠᠷᠠᠭ᠎ᠠ᠂ ᠰᠦᠨ ᠱᠤᠤ ᠴᠧᠩ ᠠᠪᠤᠷᠠᠨ ᠲᠤᠰᠠᠯᠠᠬᠤ ᠠᠵᠢᠯ ᠳᠤ ᠴᠣᠬᠤᠯᠠᠪᠤᠷᠢ ᠥᠭᠴᠦ᠂ | ᠬᠤᠯᠪᠣᠭᠳᠠᠯ ᠪᠦᠬᠦᠢ ᠠᠵᠢᠯ ᠢ ᠤᠯᠠᠨ ᠲᠠᠯ᠎ᠠ ᠠᠴᠠ ᠲᠣᠬᠢᠷᠠᠭᠤᠯᠤᠭᠰᠠᠨ ᠪᠥᠭᠡᠳ ᠵᠢᠰᠢᠶᠠᠨ ᠤ ᠨᠢᠰᠬᠡᠯ ᠢ | ᠵᠣᠬᠢᠴᠠᠭᠤᠯᠤᠨ ᠲᠣᠬᠢᠷᠠᠭᠤᠯᠵᠤ ᠰᠥᠨᠢ ᠪᠠᠷ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠡᠢ᠃ | 23 ᠤ ᠥᠷᠯᠥᠭᠡ ᠶᠢᠨ 2 ᠴᠠᠭ ᠤᠨ ᠦᠶ᠎ᠡ ᠪᠠᠷ᠂ ᠰᠦᠨ ᠱᠤᠤ ᠴᠧᠩ ᠠᠳᠡᠯ ᠭᠠᠷᠤᠭᠰᠠᠨ ᠨᠡᠭᠦᠷᠡᠰᠦᠨ | ᠠᠭᠤᠷᠬᠠᠢ ᠶᠢᠨ ᠠᠯᠪᠠᠯᠠᠬᠤ ᠲᠣᠭᠤᠷᠢᠭ ᠲᠤ ᠭᠦᠷᠦᠮᠡᠭᠴᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠤ ᠰᠠᠶᠢᠳ ᠸᠠᠩ ᠰᠢᠶᠠᠩ ᠰᠢ᠂ ᠸᠠᠩ ᠯᠢ ᠰᠢᠶᠠ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠲᠤᠰᠬᠠᠢ ᠮᠡᠷᠭᠡᠵᠢᠯᠲᠡᠳ ᠲᠠᠢ ᠬᠠᠮᠲᠤ ᠠᠪᠤᠷᠠᠨ ᠲᠤᠰᠠᠯᠠᠬᠤ ᠠᠵᠢᠯ ᠢ ᠰᠤᠳᠤᠯᠪᠠ᠃ ᠲᠤᠬᠠᠢ ᠶᠢᠨ | ᠲᠠᠯᠠᠪᠠᠢ ᠶᠢᠨ ᠠᠵᠢᠯ ᠤᠨ ᠬᠤᠷᠠᠯ ᠳᠡᠭᠡᠷ᠎ᠡ᠂ ᠸᠠᠩ ᠰᠢᠶᠠᠩ ᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ ᠤᠳᠤᠷᠢᠳᠬᠤ ᠨᠥᠬᠦᠳ ᠤᠨ | ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠠᠶᠤᠯ ᠠᠴᠠ ᠠᠪᠤᠷᠠᠨ ᠲᠤᠰᠠᠯᠠᠬᠤ᠂ ᠡᠭᠦᠰᠦᠮᠡᠯ ᠭᠠᠮᠰᠢᠭ ᠢ ᠴᠢᠩᠭ᠎ᠠ | ᠰᠡᠷᠭᠡᠶᠢᠯᠡᠬᠦ᠂ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ᠂ ᠠᠳᠡᠯ ᠭᠠᠷᠤᠭᠰᠠᠨ ᠰᠢᠯᠲᠠᠭᠠᠨ ᠢ ᠪᠠᠶᠢᠴᠠᠭᠠᠨ | ᠲᠣᠳᠣᠯᠠᠬᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠳᠤᠷᠠᠳᠴᠠᠢ᠃ ᠰᠦᠨ ᠱᠤᠤ ᠴᠧᠩ᠂ ᠡᠨᠡ ᠤᠳᠠᠭ᠎ᠠ ᠶᠢᠨ | ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠤᠨ ᠪᠠᠶᠢᠳᠠᠯ ᠨᠢ ᠬᠦᠨᠳᠦ ᠨᠣᠴᠢᠲᠠᠢ᠂ ᠵᠢᠷᠦᠬᠡ ᠰᠢᠮᠰᠢᠷᠡᠮᠡᠷ᠂ | ᠠᠪᠤᠷᠠᠨ ᠲᠤᠰᠠᠯᠠᠬᠤ ᠠᠵᠢᠯ ᠲᠦᠢᠯ ᠤᠨ ᠪᠠᠴᠢᠮ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ | ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠠᠵᠢᠯᠯᠠᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠢᠭᠡ ᠳᠤ ᠬᠠᠮᠤᠭ ᠤᠨ ᠶᠡᠭᠡ | ᠴᠢᠷᠮᠠᠶᠢᠯᠭ᠎ᠠ᠂ ᠬᠠᠮᠤᠭ ᠤᠨ ᠲᠦᠷᠭᠡᠨ ᠬᠤᠷᠳᠤᠴᠠ ᠪᠠᠷ ᠬᠤᠯᠪᠤᠭ᠎ᠠ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ | ᠠᠵᠢᠯᠲᠠᠨ ᠤ ᠬᠦᠴᠦᠨ ᠪᠠ ᠠᠪᠤᠷᠠᠨ ᠲᠤᠰᠠᠯᠠᠬᠤ ᠲᠥᠬᠦᠭᠡᠷᠦᠮᠵᠢ ᠶᠢ ᠭᠦᠢᠴᠡᠳ ᠪᠡᠯᠡᠳᠬᠡᠵᠦ᠂ ᠴᠠᠭ ᠮᠥᠴᠡ ᠶᠢ | ᠠᠯᠳᠠᠯ ᠦᠭᠡᠢ ᠴᠢᠷᠮᠠᠶᠢᠵᠤ᠂ ᠡᠷᠢᠵᠦ ᠠᠪᠤᠷᠠᠬᠤ ᠠᠵᠢᠯ ᠢ ᠵᠣᠭᠰᠣᠯᠲᠠ ᠦᠭᠡᠢ ᠥᠷᠨᠢᠭᠦᠯᠬᠦ ᠬᠡᠷᠡᠭᠲᠡᠢ᠃ ᠬᠤᠶᠠᠷ ᠲᠤ | ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠠᠪᠤᠷᠠᠯᠳᠠ ᠬᠢᠵᠦ᠂ ᠡᠭᠦᠰᠦᠮᠡᠯ ᠭᠠᠮᠰᠢᠭ ᠡᠭᠦᠰᠭᠦ ᠦᠭᠡᠢ | ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠭᠦ | ᠬᠡᠷᠡᠭᠲᠡᠢ᠃ ᠳᠥᠷᠪᠡ ᠳᠤ ᠲᠣᠬᠤᠨᠢᠭᠤᠯᠬᠤ ᠪᠠ ᠬᠤᠶᠢᠲᠤᠬᠢ ᠶᠠᠪᠤᠳᠠᠯ ᠢ ᠲᠥᠪᠬᠢᠨᠡᠭᠦᠯᠬᠦ ᠵᠡᠷᠭᠡ ᠠᠵᠢᠯ ᠢ ᠲᠣᠬᠢᠲᠠᠢ | ᠰᠠᠶᠢᠲᠤᠷ ᠬᠢᠬᠦ ᠬᠡᠷᠡᠭᠲᠡᠢ᠃ ᠲᠠᠪᠤ ᠳᠤ ᠠᠳᠡᠯ ᠤᠨ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠣᠳᠣᠯᠠᠵᠤ᠂ | ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠵᠢᠷᠭᠤᠭ᠎ᠠ ᠳᠤ ᠮᠡᠳᠡᠭᠡ ᠵᠠᠩᠭᠢ ᠶᠢ ᠴᠠᠭ | ᠲᠤᠬᠠᠢ ᠳᠤᠨᠢ᠂ ᠣᠨᠣᠪᠴᠢᠲᠠᠢ᠂ ᠡᠷᠬᠡ ᠰᠦᠷᠲᠦ ᠴᠢᠨᠠᠷᠲᠠᠢ ᠪᠠᠷ ᠨᠡᠶᠢᠲᠡᠯᠡᠵᠦ᠂ ᠨᠡᠶᠢᠭᠡᠮ ᠤᠨ ᠠᠩᠬᠠᠷᠤᠯ | ᠬᠠᠯᠠᠮᠵᠢᠯᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠬᠦ ᠬᠡᠷᠡᠭᠲᠡᠢ᠃ ᠲᠤᠯᠤᠭ᠎ᠠ ᠳᠤ ᠵᠢᠯᠤᠭᠤᠳᠬᠤ | ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠭᠠᠨ ᠢ ᠪᠠᠲᠤᠯᠠᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠨᠠᠢᠮᠠ ᠳᠤ ᠨᠢᠭᠡ ᠠᠴᠠ | ᠨᠦᠭᠦᠭᠡ ᠶᠢ ᠵᠦᠢᠴᠢᠯᠡᠨ ᠮᠡᠳᠡᠵᠦ ᠪᠦᠭᠦ ᠣᠷᠣᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠭᠡᠮ | ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠦᠨᠳᠦ | ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ | ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠳᠠᠶᠢᠴᠢᠨ ᠪᠣᠯᠣᠨ ᠥᠪᠥᠷ | ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠠᠨᠳ᠋ᠯᠠᠭᠴᠢ ᠶᠠᠩ ᠭᠦᠸᠧ ᠠᠨ ᠣᠷᠣᠯᠴᠠᠵᠠᠢ᠃ |