ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 24 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠭᠦ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠠᠯᠠᠱᠠ ᠵᠡᠭᠦᠨ ᠬᠤᠰᠢᠭᠤᠨ ᠤ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠨᠡᠭᠦᠷᠡᠰᠦᠨ ᠠᠭᠤᠷᠬᠠᠢ ᠶᠢᠨ ᠬᠠᠵᠠᠭᠤ ᠶᠢᠨ ᠪᠡᠯ ᠶᠡᠭᠦᠷᠡᠭᠰᠡᠨ ᠠᠳᠡᠯ ᠤᠨ ᠦᠨ᠎ᠡ ᠦᠷᠳᠡᠭ ᠲᠦᠢᠯ ᠤᠨ ᠬᠦᠨᠳᠦ ᠨᠣᠴᠢᠲᠠᠢ᠂ ᠰᠤᠷᠭᠠᠮᠵᠢ ᠲᠦᠢᠯ ᠤᠨ ᠬᠠᠷᠠᠰᠠᠯᠲᠠᠢ ᠪᠠᠶᠢᠨ᠎ᠠ᠂ ᠣᠷᠣᠨ ᠳᠠᠶᠠᠭᠠᠷ ᠢᠶᠠᠨ ᠡᠷᠬᠡᠪᠰᠢ ᠳᠠᠷᠦ᠋ᠢᠬᠠᠨ ᠰᠡᠷᠡᠮᠵᠢ ᠪᠠᠨ ᠲᠡᠭᠡᠭᠰᠢᠯᠡᠭᠦᠯᠵᠦ᠂ ᠳᠠᠷᠦ᠋ᠢᠬᠠᠨ ᠬᠥᠳᠡᠯᠦᠯᠴᠡᠵᠦ᠂ ᠡᠪᠡᠳᠭᠦ ᠨᠢ ᠵᠣᠭᠰᠣᠪᠠᠴᠤ ᠡᠪᠡᠷᠰᠢᠶᠡᠯ ᠢᠶᠠᠨ ᠰᠠᠨᠠᠭᠠᠯᠵᠠᠵᠤ᠂ ᠬᠤᠨᠢ ᠪᠠᠨ ᠠᠯᠳᠠᠭᠠᠳ ᠬᠤᠷᠢᠶ᠎ᠠ ᠪᠠᠨ ᠰᠡᠯᠪᠢᠵᠦ᠂ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠲᠠᠭᠤ ᠲᠠᠢ ᠨᠢ ᠬᠠᠯᠳᠠᠵᠤ ᠠᠶᠤᠯ ᠲᠦᠭᠰᠢᠭᠦᠷᠢ ᠶᠢ ᠪᠠᠶᠢᠴᠠᠭᠠᠨ᠂ ᠭᠡᠮ ᠰᠣᠭᠤᠭ ᠢ ᠠᠷᠢᠯᠭᠠᠵᠤ᠂ ᠠᠳᠡᠯ ᠢ ᠰᠡᠷᠭᠡᠶᠢᠯᠡᠬᠦ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ᠂ ᠬᠥᠮᠥᠨ ᠤ ᠠᠮᠢ ᠬᠥᠬᠡ ᠲᠡᠭᠷᠢ ᠮᠡᠲᠦ ᠭᠡᠬᠦ ᠰᠢᠳᠤᠨ ᠰᠦᠷᠳᠡᠭᠦ ᠰᠡᠳᠬᠢᠯᠭᠡ ᠪᠣᠯᠣᠨ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠭᠡᠮ ᠰᠣᠭᠤᠭ ᠢ ᠴᠠᠭ ᠢᠮᠠᠭᠲᠠ ᠪᠠᠶᠢᠴᠠᠭᠠᠵᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠣᠨ ᠤᠯᠠᠭᠠᠨ ᠱᠤᠭᠤᠮ ᠢ ᠡᠷᠡᠰ ᠰᠠᠬᠢᠵᠤ᠂ ᠪᠠᠲᠤ ᠰᠠᠬᠢᠬᠤ ᠬᠡᠷᠡᠭᠲᠡᠢ᠃ ᠢᠴᠢᠵᠦ ᠵᠣᠪᠠᠭ᠋ᠤ ᠳᠠᠭᠠᠨ ᠪᠠ ᠠᠯᠳᠠᠭ᠎ᠠ ᠪᠠᠨ ᠵᠠᠯᠠᠷᠠᠭᠤᠯᠤᠭᠰᠠᠨ ᠴᠦ ᠦᠷᠡᠭᠳᠡᠯ ᠢᠶᠠᠨ ᠨᠥᠬᠦᠵᠦ ᠲᠡᠶᠢᠯᠭᠦ ᠦᠭᠡᠢ ᠭᠡᠮᠡᠭᠦ ᠪᠤᠳᠤᠯ ᠢᠶᠠᠷ᠂ ᠬᠦᠨᠳᠦ ᠴᠣᠬᠢᠯᠲᠠ ᠥᠭᠴᠦ᠂ ᠲᠤᠬᠰᠢᠨ ᠡᠮ ᠥᠭᠴᠦ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠰᠦᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠭᠡᠮ ᠰᠣᠭᠤᠭ ᠢ ᠠᠳᠡᠯ ᠢᠶᠠᠷ ᠦᠵᠡᠵᠦ ᠰᠢᠢᠳᠪᠦᠷᠢᠯᠡᠨ᠂ ᠠᠶᠤᠯ ᠲᠦᠭᠰᠢᠭᠦᠷᠢ ᠶᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠵᠢᠭᠦᠯᠵᠦ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠳ᠋ᠷ︾᠂ ︽ᠬᠠᠮᠤᠭ ᠤᠨ ᠪᠠᠭ᠎ᠠ ᠨᠢᠭᠡᠴᠢ︾ ᠭᠦᠷᠳᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠢᠯᠡᠷᠡᠭᠦᠯᠪᠡᠯ ᠬᠦᠯᠢᠶᠡᠵᠦ ᠬᠤᠷᠠᠮᠳᠤᠭᠤᠯᠬᠤ ᠦᠭᠡᠢ᠂ ᠨᠠᠩ ᠴᠤ ᠳᠠᠷᠤᠵᠤ ᠳᠠᠯᠳᠠᠯᠠᠬᠤ ᠦᠭᠡᠢ᠂ ᠴᠢᠩᠭ᠎ᠠ ᠪᠥᠭᠡᠳ ᠲᠦᠷᠭᠡᠨ ᠢᠶᠠᠷ ᠠᠰᠠᠭᠤᠳᠠᠯ ᠢ ᠰᠢᠢᠳᠪᠦᠷᠢᠯᠡᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠲᠠᠰᠤ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠬᠥᠭᠵᠢᠯᠲᠡ ᠪᠠ ᠠᠮᠤᠷ ᠲᠦᠪᠰᠢᠨ ᠤ ᠶᠡᠭᠡ ᠲᠠᠯ᠎ᠠ ᠶᠢ ᠬᠦᠴᠦᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠢᠦᠢ ᠯᠢ ᠰᠢᠨ᠂ ᠴᠢ᠊ ᠪᠠᠲᠤ᠂ ᠪᠦᠦ ᠰᠢᠶᠠᠨ ᠬᠤᠸᠠ᠂ ᠶᠣᠣ ᠶᠦᠩ ᠪᠦᠸᠧ᠂ ᠳᠠᠶᠢᠴᠢᠨ᠂ ᠶᠠᠩ ᠶᠢᠨ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号