ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/2/27
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠤᠳᠤᠯᠪᠠ᠃ ᠸᠠᠩ ᠯᠢ ᠰᠢᠶᠠ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠣᠶᠢᠯᠠᠭᠠᠨ ᠶᠡᠬᠡᠪᠡᠷ ᠠᠬᠢᠭᠤᠯᠬᠤ ᠳᠤ ᠤᠯᠤᠰ ᠲᠦᠷᠦ ᠶᠢᠨ ᠰᠠᠭᠤᠷᠢ ᠶᠢ ᠪᠠᠲᠤ ᠴᠣᠭᠴᠠᠯᠠᠵᠤ᠂ ︽ᠬᠤᠶᠠᠷ ᠢ ᠲᠣᠭᠲᠠᠭᠠᠭᠰᠠᠨ︾  ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠢᠨ᠎ᠡ ᠴᠠᠭ ᠦᠶ᠎ᠡ ᠳᠤ ᠨᠡᠩ ᠶᠡᠭᠡ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠢ᠃ ᠦᠵᠡᠯ ᠰᠠᠨᠠᠭᠠᠨ ᠤ ᠴᠢᠭᠯᠡᠯ ᠢ ᠡᠵᠡᠮᠳᠡᠨ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠢᠳᠡᠪᠬᠢᠲᠡᠢ ᠤᠯᠠᠮᠵᠢᠯᠠᠭᠴᠢ᠂ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠤᠨ ᠵᠢᠯᠣᠭᠤᠳᠤᠯᠭ᠎ᠠ ᠳᠣᠣᠷ᠎ᠠ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠢᠲᠡᠭᠡᠯ ᠲᠡᠭᠦᠯᠳᠡᠷ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠠᠷᠭ᠎ᠠ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠢᠯ ᠤᠨ ᠡᠬᠢᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号