ᠣᠷᠳᠣᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠵᠡᠭᠦᠨᠭᠠᠷ ᠬᠤᠰᠢᠭᠤᠨ ᠳᠤ ᠬᠤᠷᠠᠯᠳᠤᠭᠤᠯᠪᠠ ᠵᠠᠩ ᠲᠤᠤ ᠪᠦᠦ ᠰᠢᠶᠠᠨ ᠬᠤᠸᠠ ᠣᠷᠣᠯᠴᠠᠵᠠᠢ
ᠨᠡᠶᠢᠲᠡᠯᠡᠭᠰᠡᠨ ᠴᠠᠭ᠄
2023/2/28
     2 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠵᠡᠭᠦᠨᠭᠠᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠤᠷᠠᠯᠳᠤᠭᠤᠯᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠠᠩ ᠲᠤᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠦᠭᠡᠳ ᠪᠠᠶᠠᠷ ᠤᠨ ᠦᠭᠡ ᠬᠡᠯᠡᠪᠡ᠃      ᠵᠠᠩ ᠲᠤᠤ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠠᠨ ᠰᠢ ᠶᠢᠨ ᠨᠡᠭᠦᠷᠡᠰᠦ ᠬᠢᠮᠢ ᠶᠢᠨ ᠰᠣᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳ᠋ᠠᠯᠢᠶᠠᠨ ᠤ ᠬᠢᠮᠢ ᠹᠢᠽᠢᠺ ᠤᠨ ᠰᠤᠳᠤᠯᠭᠠᠨ ᠤ ᠭᠠᠵᠠᠷ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠲᠣᠭᠲᠠᠭᠰᠠᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠲᠦᠷᠦᠯ ᠵᠦᠢᠯ ᠨᠢ ᠮᠠᠨ ᠤ ᠤᠯᠤᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠂ ᠬᠤᠶᠠᠷ ᠲᠠᠯ᠎ᠠ ᠪᠠᠷ ᠢᠶᠠᠨ ᠡᠨᠡ ᠬᠦ ᠲᠦᠷᠦᠯ ᠵᠦᠢᠯ ᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠰ ᠳᠡᠪᠰᠢᠯᠲᠡ ᠶᠢᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃      ᠪᠦᠦ ᠰᠢᠶᠠᠨ ᠬᠤᠸᠠ ᠢᠯᠡᠷᠬᠡᠶᠢᠯᠡᠬᠦ ᠳᠤ ᠪᠠᠨ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠲᠦᠷᠭᠡᠳᠬᠡᠬᠦ ᠪᠣᠯ ᠥᠪᠥᠷ ᠮᠣᠩᠭᠤᠯ ᠤᠨ ᠶᠡᠷᠦᠩᠬᠡᠢ ᠱᠦᠵᠢ ᠰᠢ ᠶᠢᠨ ᠫᠢᠩ ᠤᠨ ᠳᠠᠭᠠᠭᠠᠯᠭᠠᠭᠰᠠᠨ ︽ᠲᠠᠪᠤᠨ ᠶᠡᠭᠡ ᠡᠭᠦᠷᠭᠡ︾ ᠶᠢ ᠡᠭᠦᠷᠭᠡᠯᠡᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ᠂ ᠣᠷᠳᠣᠰ ᠤᠨ ᠤᠯᠤᠰ ᠤᠨ ᠲᠠᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠲᠤᠰᠬᠠᠢ ᠮᠡᠷᠭᠡᠵᠢᠯᠲᠡᠳ ᠪᠠ ᠡᠷᠳᠡᠮᠲᠡᠳ ᠤᠨ ᠢᠯᠡᠭᠦᠬᠡᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号