ᠯᠢᠨᠰᠢ ᠰᠢᠶᠠᠨ ᠤ ᠰᠢᠨᠴᠧᠩᠽᠢ ᠪᠠᠯᠭᠠᠰᠣ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠲᠤᠷᠰᠢᠯᠲᠠ ᠶᠢᠨ ᠲᠦᠷᠦᠯ ᠵᠦᠢᠯ ᠤᠨ ᠰᠤᠷᠭᠠᠭᠤᠯᠢ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/3/26
     ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢᠨ ᠠᠬᠤᠢ ᠪᠠᠶᠢᠳᠠᠯ ᠳᠣᠣᠷᠠᠬᠢ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠢᠳᠡᠯ ᠢ ᠬᠠᠶᠢᠨ ᠰᠦᠪᠡᠭᠴᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠮᠡᠳᠡᠭᠳᠡᠯ ᠳᠠᠷᠤᠮᠠᠯᠯᠠᠨ ᠲᠠᠷᠬᠠᠭᠠᠵᠤ ᠪᠥᠬᠦ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢ ᠭᠤᠶᠤᠴᠢᠯᠠᠨ ᠮᠡᠳᠡᠭᠦᠯᠬᠦ ᠠᠵᠢᠯ ᠢ ᠦᠷᠨᠢᠭᠦᠯᠵᠡᠢ᠃     ᠡᠯ᠎ᠡ ᠠᠶᠢᠮᠠᠭ ᠬᠤᠲᠠ ᠶᠢᠨ ᠰᠣᠩᠭᠤᠨ ᠲᠠᠨᠢᠯᠴᠠᠭᠤᠯᠬᠤ ᠵᠢᠴᠢ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠬᠢᠨᠠᠨ ᠵᠥᠪᠯᠡᠬᠦ ᠪᠠᠷ ᠳᠡᠮᠵᠢᠨ᠂ ᠲᠦᠷᠦᠭᠦᠸ ᠪᠦᠯᠦᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ 14 ᠰᠤᠷᠭᠠᠭᠤᠯᠢ ᠶᠢ ᠮᠠᠭᠠᠳᠯᠠᠨ ᠲᠣᠭᠲᠠᠭᠠᠪᠠ᠂ ᠡᠭᠦᠨ ᠳᠤ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠰᠢᠨᠴᠧᠩᠽᠢ ᠪᠠᠯᠭᠠᠰᠣ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠵᠢᠭᠰᠠᠭᠠᠭᠳᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号