ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠶᠢᠴᠢᠨ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/3/27
     3 ᠰᠠᠷ᠎ᠠ ᠶᠢᠨ 25 ᠤ ᠡᠳᠦᠷ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠢ ᠡᠷᠭᠢᠯᠡᠪᠡ᠃      ᠬᠤᠸᠠᠩ ᡁᠢ ᠴᠢᠶᠠᠩ᠂ ᠡᠨᠡ ᠵᠢᠯ ᠤᠨ ᠬᠠᠪᠤᠷ ᠠᠴᠠ ᠨᠠᠭᠠᠰᠢ᠂ ᠪᠦᠭᠦ ᠣᠷᠣᠨ ᠤ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠬᠢ ᠠᠴᠠ ᠵᠢᠭᠠᠬᠠᠨ ᠥᠨᠳᠥᠷ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠭᠦ ᠲᠠᠯ᠎ᠠ ᠶᠢᠨ ᠲᠤᠤᠷᠵᠢᠭᠤᠯᠤᠬᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠯᠠᠪᠳᠠᠭᠤᠨ ᠪᠠᠲᠤᠲᠠᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号