ᠮᠠᠨ ᠤ ᠰᠢᠶᠠᠨ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠵᠣ ᠪᠠᠶᠢᠨ᠎ᠠ
ᠨᠡᠶᠢᠲᠡᠯᠡᠭᠰᠡᠨ ᠴᠠᠭ᠄
2023/3/28
     ᠮᠠᠨ ᠤ ᠰᠢᠶᠠᠨ ᠤ ᠭᠤᠷᠪᠠᠨ ᠠᠷᠭ᠎ᠠ ᠬᠡᠮᠵᠢᠶ᠎ᠡ ᠠᠪᠴᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠴᠢᠩᠭ᠎ᠠ ᠦᠷᠨᠢᠭᠦᠯᠵᠦ ᠪᠠᠶᠢᠨ᠎ᠠ᠃      ᠨᠢᠭᠡ ᠳᠤ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠱᠠᠲᠣ ᠪᠣᠯᠭᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ  ᠳᠣᠭᠲᠠᠬᠤ ᠶᠢ ᠪᠠᠲᠣᠯᠠᠪᠠ᠃ ᠣᠳᠣᠬᠠᠨ ᠳᠤ ᠤᠢ ᠰᠢᠭᠤᠢ ᠶᠢ ᠬᠠᠮᠠᠭᠠᠯᠠᠬᠤ ᠶᠡᠭᠡ ᠠᠩᠭᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠪᠢᠴᠢᠭ ᠢ 1 ᠬᠤᠪᠢ᠂ ᠤᠢ ᠰᠢᠭᠤᠢ ᠶᠢ ᠬᠠᠮᠠᠭᠠᠯᠠᠭᠴᠢ ᠶᠢᠨ ᠬᠠᠷᠢᠭᠤᠴᠠᠯᠭ᠎ᠠ ᠶᠢᠨ ᠪᠢᠴᠢᠭ ᠢ 99 ᠬᠤᠪᠢ᠂ ᠰᠢᠭᠤᠶᠢᠲᠤ ᠣᠷᠣᠨ ᠤ ᠲᠠᠷᠢᠶᠠᠴᠢᠨ ᠡᠷᠤᠭᠡ ᠵᠢᠴᠢ ᠰᠢᠭᠤᠶᠢᠲᠤ ᠣᠷᠣᠨ ᠳᠤ ᠲᠦᠷ ᠣᠷᠣᠬᠤ ᠬᠥᠮᠥᠰ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠢ 2000 ᠬᠤᠪᠢ  ᠲᠣᠭᠲᠠᠪᠠ᠃      ᠬᠤᠶᠠᠷ ᠲᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠰᠢᠭᠤᠶᠢᠲᠤ ᠣᠷᠣᠨ ᠳᠤ ᠣᠷᠣᠬᠤ ᠭᠤᠣᠯ ᠵᠠᠮ ᠤᠨ ᠠᠭᠤᠯᠵᠠᠷ ᠲᠤ ᠭᠠᠯ ᠰᠡᠷᠭᠡᠶᠢᠯᠡᠬᠦ ᠨᠣᠮᠧᠷ ᠤᠨ ᠰᠢᠷᠪᠢᠯᠲᠡ ᠶᠢᠨ ᠳᠠᠩᠰᠠᠯᠠᠯ ᠬᠢᠵᠦ᠂ ᠰᠢᠭᠤᠶᠢᠲᠤ ᠣᠷᠣᠨ ᠢᠶᠠᠷ ᠣᠷᠣᠵᠤ ᠭᠠᠷᠬᠤ ᠶᠠᠪᠠᠭᠠᠨ ᠬᠥᠮᠥᠨ ᠳᠤ ᠬᠥᠳᠡᠯᠦᠩᠭᠦᠢ ᠮᠥᠷᠳᠡᠨ ᠬᠠᠮᠢᠶᠠᠷᠤᠯᠲᠠ ᠶᠢ ᠬᠡᠷᠡᠭᠵᠢᠭᠦᠯᠵᠦ᠂ ᠴᠢᠭ ᠪᠠ ᠣᠷᠣᠨ ᠪᠠᠶᠢᠷᠢ ᠳᠤ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠶᠢ ᠨᠡᠶᠢᠳᠡ 6  ᠪᠠᠶᠢᠭᠤᠯᠪᠠ᠃      ᠭᠤᠷᠪᠠ ᠳᠤ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠪᠠ᠃ ᠭᠠᠯ ᠰᠡᠷᠭᠡᠶᠢᠯᠡᠬᠦ 3 ᠵᠡᠭᠡᠯᠢ ᠶᠢ  ᠵᠣᠬᠢᠶᠠᠨ ᠪᠠᠶᠢᠭᠤᠯᠵᠦ᠂ 600 ᠭᠠᠷᠤᠢ ᠭᠠᠯ ᠰᠡᠷᠭᠡᠶᠢᠯᠡᠬᠦ ᠲᠤᠭ ᠢ ᠡᠯᠭᠦᠪᠡ᠃ ᠪᠠᠶᠢᠴᠠᠭᠠᠬᠤ ᠥᠷᠲᠡᠭᠡᠨ ᠤ ᠭᠠᠯ ᠰᠡᠷᠭᠡᠶᠢᠯᠡᠬᠦ ᠤᠬᠠᠭᠤᠯᠭ᠎ᠠ ᠶᠢᠨ ᠫᠠᠶᠢᠰᠠ ᠶᠢ 2 ᠰᠢᠨᠡᠳᠬᠡᠵᠦ᠂ 25 ᠵᠤᠷᠪᠤᠰ ᠭᠠᠯ ᠰᠡᠷᠭᠡᠶᠢᠯᠡᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠵᠦ᠂ ︽ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ︾ ᠢ 10 ᠬᠠᠭᠤᠳᠠᠰᠤ ᠨᠠᠭᠠᠪᠠ᠃ ᠲᠣᠰᠬᠤᠨ ᠳᠤ ᠬᠦᠷᠴᠦ ᠡᠷᠦᠬᠡ ᠳᠤ ᠣᠷᠣᠵᠣ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ 200᠂ ᠤᠬᠠᠭᠤᠯᠭ᠎ᠠ ᠶᠢᠨ ᠵᠢᠷᠤᠭ 1200 ᠬᠤᠪᠢ᠂ ᠤᠬᠠᠭᠤᠯᠭ᠎ᠠ ᠶᠢᠨ ᠬᠠᠭᠤᠳᠠᠰᠤ 2000 ᠭᠠᠷᠤᠢ ᠬᠤᠪᠢ ᠲᠠᠷᠬᠠᠭᠠᠵᠠᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号