ᠯᠢᠨᠰᠢ ᠰᠢᠶᠠᠨ ᠠᠶᠣᠯ ᠦᠭᠡᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/3/29
     ᠮᠠᠨ ᠤ ᠰᠢᠶᠠᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠣᠯ ᠦᠭᠡᠢ ᠦᠢᠯᠡᠳᠪᠦᠷᠢᠯᠡᠯ ᠶᠢᠨ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠣᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂  ᠮᠠᠨ ᠤ ᠰᠢᠶᠠᠨ ᠬᠠᠷᠢᠶᠠᠲᠤ ᠣᠷᠣᠨ ᠤ ᠪᠠᠨ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠣᠯ ᠦᠭᠡᠢ ᠦᠢᠯᠡᠳᠪᠦᠷᠢᠯᠡᠯ ᠶᠢᠨ ᠲᠤᠰᠬᠠᠢ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃ ᠬᠤᠯᠪᠣᠭᠳᠠᠯ ᠪᠦᠬᠦᠢ ᠨᠢᠭᠡᠴᠡ ᠶᠢᠨ ᠰᠢᠯᠤᠭᠤᠨ ᠱᠠᠲᠤ᠂ ᠲᠦᠰᠢᠭᠦᠷ ᠱᠠᠲᠤ ᠵᠢᠴᠢ ᠥᠨᠳᠥᠷ ᠳᠠᠷᠤᠯᠲᠠᠲᠤ ᠬᠦᠴᠢᠯᠲᠥ᠋ᠷᠥᠭᠴᠢ ᠶᠢᠨ ᠥᠷᠥᠭᠡᠨ ᠤ ᠠᠮᠤᠷ ᠲᠦᠪᠰᠢᠨ ᠤ ᠪᠠᠲᠤᠯᠠᠭ᠎ᠠ ᠵᠢᠴᠢ ᠠᠵᠢᠯᠯᠠᠭᠠᠨ ᠤ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠬᠠᠮᠠᠭᠠᠯᠠᠨ ᠠᠷᠠᠴᠢᠯᠠᠬᠤ᠂ ᠬᠠᠮᠢᠶᠠᠷᠤᠯᠲᠠ ᠶᠢᠨ ᠠᠵᠢᠯᠲᠠᠨ ᠤ ᠦᠨᠡᠮᠯᠡᠯ ᠲᠠᠢ ᠪᠠᠶᠢᠬᠤ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠬᠤ ᠶᠢᠨ ᠳᠠᠭᠠᠣ ᠡᠯ᠎ᠡ ᠬᠠᠮᠢᠶ᠎ᠠ ᠪᠦᠬᠦᠢ ᠨᠢᠭᠡᠴᠡ ᠶᠢ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠠᠶᠢᠴᠠᠭᠠᠯᠲᠠ ᠶᠢᠨ ᠳᠠᠪᠲᠠᠮᠵᠢ ᠪᠣᠯᠣᠨ ᠤᠳᠠᠭ᠎ᠠ ᠶᠢ ᠨᠡᠮᠡᠭᠳᠡᠭᠦᠯᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠳᠠᠯᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ 8 ᠨᠢᠭᠡᠴᠡ ᠶᠢ ᠪᠠᠶᠢᠴᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠲᠡᠮᠳᠡᠭ ᠢ ᠴᠠᠭ ᠲᠤᠬᠠᠢ ᠳᠤᠨᠢ ᠰᠢᠨᠡᠳᠬᠡᠭᠰᠡᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠡᠷᠡᠭᠯᠡᠵᠦ ᠪᠠᠶᠢᠭ᠎ᠠ ᠪᠠ ᠬᠠᠮᠠᠭᠠᠯᠠᠬᠤ ᠬᠠᠷᠢᠭᠤᠴᠠᠯᠭ᠎ᠠ ᠲᠠᠢ ᠨᠢᠭᠡᠴᠡ ᠶᠢ ᠨᠢᠭᠡᠨᠲᠡ ᠰᠢᠪᠠᠳᠠᠨ ᠱᠠᠭᠠᠷᠳᠠᠵᠠᠢ᠂ ᠪᠤᠰᠤᠳ ᠴᠢᠬᠤᠯᠠ ᠶᠡᠭᠡ ᠠᠰᠠᠭᠤᠳᠠᠯ ᠤᠨ ᠳᠠᠯᠳᠠ ᠬᠡᠮ ᠢ ᠲᠦᠷ ᠢᠯᠡᠷᠡᠭᠦᠯᠦᠭᠰᠡᠨ ᠦᠭᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号