ᠬᠤᠸᠠᠩ ᡁᠢ ᠴᠢᠶᠠᠩ ᠰᠢᠨ᠎ᠡ ᠡᠨᠧᠷᠭᠢ ᠶᠢᠨ ᠲᠣᠨᠣᠭᠯᠠᠯ  ᠦᠢᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠤᠶᠠᠳᠤᠭᠠᠷ ᠤᠳᠠᠭ᠎ᠠ  ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ ᠰᠢᠷᠡᠭᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/10
     4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠤᠶᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ ᠰᠢᠷᠡᠭᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠩᠳᠧ ᠴᠠᠭ ᠦᠶ᠎ᠡ᠂ ᠪᠢ ᠶᠠ ᠳ᠋ᠢ ᠵᠡᠷᠭᠡ 11 ᠠᠵᠤ ᠠᠬᠤᠶᠢᠯᠠᠯ ᠲᠠᠢ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠭᠦ ᠬᠥᠭᠵᠢᠯᠲᠡ ᠶᠢᠨ ᠬᠤᠳᠠᠯᠳᠤᠭᠠᠨ ᠤ ᠰᠢᠨ᠎ᠡ ᠠᠵᠠ ᠲᠣᠭᠢᠶᠠᠯ ᠢ ᠬᠠᠮᠲᠤ ᠪᠠᠷ ᠶᠠᠷᠢᠯᠴᠠᠪᠠ᠃      ᠬᠤᠸᠠᠩ ᡁᠢ ᠴᠢᠶᠠᠩ᠂ ᠡᠨᠡ ᠤᠳᠠᠭ᠎ᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ ᠰᠢᠷᠡᠭᠡ ᠶᠢᠨ ᠬᠤᠷᠠᠯ ᠨᠢ ᠵᠠᠷᠯᠠᠨ ᠮᠡᠳᠡᠭᠳᠡᠬᠦ ᠬᠤᠷᠠᠯ ᠪᠤᠯᠬᠤ ᠪᠠᠷ ᠪᠠᠷᠠᠬᠤ ᠦᠭᠡᠢ ᠪᠠᠰᠠ ᠰᠤᠳᠤᠯᠤᠨ ᠶᠠᠷᠢᠯᠴᠠᠬᠤ ᠬᠤᠷᠠᠯ ᠪᠣᠯᠣᠨ᠎ᠠ᠂ ᠮᠥᠨ ᠴᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠥᠪᠳᠡᠯᠴᠡᠡ ᠶᠠᠷᠢᠯᠴᠠᠬᠤ ᠬᠤᠷᠠᠯ ᠪᠣᠯᠣᠨ᠎ᠠ᠃ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠦᠭᠦ ᠬᠦᠴᠦ ᠪᠠᠷ ᠢᠶᠠᠨ ᠬᠥᠭᠵᠢᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ᠂ ᠡᠨᠧᠷᠭᠢ ᠬᠠᠳᠠᠭᠠᠯᠠᠬᠤ ᠪᠣᠯ ᠲᠤᠲᠠᠭᠳᠠᠵᠤ ᠪᠣᠯᠣᠰᠢ ᠦᠭᠡᠢ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠃ ᠡᠨᠧᠷᠭᠢ ᠬᠠᠳᠠᠭᠠᠯᠠᠬᠤ ᠲᠣᠨᠣᠭᠯᠠᠯ  ᠦᠢᠯᠡᠳᠬᠦ ᠦᠢᠯᠡᠰ ᠢ ᠭᠤᠣᠯᠳᠠᠯᠭ᠎ᠠ ᠲᠠᠢ ᠪᠤᠶᠢᠵᠢᠭᠤᠯᠬᠤ ᠰᠢᠨ᠎ᠡ ᠨᠡᠮᠡᠭᠳᠡᠯ ᠤᠨ ᠴᠡᠭ ᠪᠤᠯᠭᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠲᠣᠨᠣᠭᠯᠠᠯ  ᠦᠢᠯᠡᠳᠬᠦ ᠦᠢᠯᠡᠳᠪᠦᠷᠢᠯᠡᠯ ᠤᠨ ᠰᠠᠭᠤᠷᠢᠨ᠂ ᠴᠠᠭᠢᠯᠭᠠᠨ ᠭᠠᠷᠭᠠᠬᠤ ᠰᠠᠭᠤᠷᠢᠨ ᠪᠣᠯᠣᠨ ᠠᠵᠢᠯᠯᠠᠭᠠᠨ ᠤ ᠬᠢᠨᠠᠨ ᠰᠢᠨᠵᠢᠭᠦ ᠪᠠ ᠰᠡᠯᠪᠢᠨ ᠬᠠᠮᠠᠭᠠᠯᠠᠬᠤ ᠰᠠᠭᠤᠷᠢᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠠᠩᠬ᠎ᠠ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠦᠢᠯᠡᠰ ᠪᠣᠰᠬᠠᠨ ᠦᠰᠦᠨ ᠪᠤᠶᠢᠵᠢᠬᠤ ᠶᠢ ᠴᠤ ᠪᠠᠶᠠᠷᠯᠠᠨ ᠤᠭᠲᠤᠵᠤ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ︽ᠵᠠᠷᠤᠴᠠ︾ ᠪᠣᠯᠵᠤ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号