ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/10
     4 ᠰᠠᠷ᠎ᠠ ᠶᠢᠨ 7 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 3 ᠰᠠᠷ᠎ᠠ ᠶᠢᠨ 30 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ᠂ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠲᠥᠰᠥᠯ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠶᠢ ᠣᠨᠣᠪᠴᠢᠲᠠᠢ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠶᠢ ᠬᠤᠯᠪᠣᠯᠳᠤᠭᠤᠯᠤᠨ ᠨᠠᠪᠲᠠᠷᠡᠭᠦᠯᠵᠦ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ ᠪᠦᠷᠢᠯᠳᠦᠭᠦᠨ ᠨᠢᠭᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠣᠭᠤᠷᠢᠨ ᠵᠢᠯᠤᠭᠤᠳᠬᠤ ᠳᠤᠭᠤᠶᠢᠯᠠᠩ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠭᠤᠣᠯ ᠰᠡᠳᠦᠪᠲᠦ ᠬᠥᠮᠦᠵᠢᠯ ᠳᠤ ᠢᠳᠡᠪᠬᠢᠲᠡᠢ ᠣᠷᠣᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠨᠡ ᠬᠦ ᠴᠢᠬᠤᠯᠠ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠦᠭᠦ ᠲᠠᠯ᠎ᠠ ᠪᠠᠷ ᠡᠵᠡᠮᠳᠡᠵᠦ᠂ ᠡᠨᠡ ᠬᠦ ᠴᠢᠬᠤᠯᠠ ᠦᠵᠡᠯ ᠰᠠᠨᠠᠭ᠎ᠠ ᠶᠢ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠣᠭᠤᠳᠤᠭᠤᠯᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠪᠦᠭᠦ ᠣᠷᠣᠨ ᠳᠤ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠠᠯᠪᠠᠨ ᠭᠡᠷ ᠠᠴᠠ ᠪᠠᠨ ᠭᠠᠷᠴᠤ᠂ ᠲᠠᠷᠢᠶᠠᠨ ᠦᠵᠦᠭᠦᠷ ᠬᠡᠭᠡᠷ᠎ᠡ ᠭᠠᠳᠠᠭ᠎ᠠ ᠪᠣᠯᠣᠨ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠡᠮᠦᠨ᠎ᠡ ᠹᠷᠣᠨᠲ ᠪᠣᠯᠣᠨ ᠦᠨᠳᠦᠰᠦᠨ ᠱᠠᠲᠤᠨ ᠤ ᠨᠢᠭᠡᠴᠢ ᠳᠤ ᠬᠦᠷᠴᠦ᠂ ᠰᠡᠳᠬᠢᠯ ᠲᠣᠭᠲᠠᠭᠤᠨ ᠲᠠᠶᠢᠪᠤᠭᠤ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ᠂ ᠦᠨᠳᠦᠰᠦᠨ ᠱᠠᠲᠤᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠨ ᠳᠡᠯᠭᠡᠷᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠪᠣᠳᠠᠲᠠᠢ ᠠᠬᠤᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠬᠥᠮᠥᠨ ᠴᠥᠭᠡᠨ ᠬᠥᠰᠬᠡ ᠬᠥᠩᠭᠡᠨ᠂ ᠱᠠᠲᠤ ᠱᠠᠲᠤ ᠪᠠᠷ ᠪᠠᠷ᠎ᠠ ᠪᠤᠯᠬᠤ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号