ᠨᠢᠭᠡᠳᠦᠭᠡᠷ ᠤᠯᠠᠷᠢᠯ ᠳᠤ ᠲᠠᠯ᠎ᠠ ᠨᠤᠲᠤᠭ ᠤᠨ ᠲᠡᠮᠦᠷ ᠵᠠᠮ ᠤᠨ ᠡᠳ᠋ ᠪᠠᠷᠠᠭ᠎ᠠ ᠬᠦᠷᠭᠡᠭᠰᠡᠨ ᠬᠡᠮᠵᠢᠶ᠎ᠡ ᠥᠨᠳᠥᠷ ᠪᠠᠶᠢᠷᠢ ᠶᠢ ᠪᠠᠲᠤᠯᠠᠪᠠ
ᠨᠡᠶᠢᠲᠡᠯᠡᠭᠰᠡᠨ ᠴᠠᠭ᠄
2023/4/10
     ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ  ᠶᠢᠨ ᠲᠣᠪᠴᠢᠶ᠎ᠠ ᠨᠢᠭᠡᠳᠦᠭᠡᠷ ᠤᠯᠠᠷᠢᠯ ᠳᠤ 6378.3 ᠲᠦᠮᠡᠨ ᠲᠣᠨ ᠤᠨ ᠡᠳ᠋ ᠪᠠᠷᠠᠭ᠎ᠠ ᠬᠦᠷᠭᠡᠵᠦ᠂ ᠡᠳᠦᠷ ᠪᠦᠷᠢ ᠳᠤᠮᠳᠠᠴᠢ ᠪᠠᠷ 10788 ᠲᠡᠷᠭᠡ ᠲᠡᠭᠡᠭᠡᠪᠦᠷᠢᠯᠡᠨ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠠ ᠡᠳᠦᠷ ᠪᠦᠷᠢ ᠳᠤᠮᠳᠠᠴᠢ ᠪᠠᠷ ᠲᠡᠭᠡᠭᠡᠪᠦᠷᠢᠯᠡᠭᠰᠡᠨ ᠲᠡᠷᠭᠡᠨ ᠤ ᠲᠤᠭ᠎ᠠ ᠥᠨᠳᠥᠷ ᠪᠠᠶᠢᠷᠢ ᠶᠢ ᠪᠠᠲᠤᠯᠠᠵᠠᠢ᠃      ᠰᠢᠨ᠎ᠡ ᠵᠢᠯ ᠠᠴᠠ ᠨᠠᠭᠠᠰᠢ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠦᠷᠭᠡᠳᠬᠦ ᠶᠢ ᠳᠠᠭᠠᠯᠳᠤᠨ᠂ ᠨᠡᠭᠦᠷᠡᠰᠦ ᠵᠡᠷᠭᠡ ᠥᠷᠭᠡᠨ ᠬᠡᠷᠡᠭᠴᠡᠭᠡᠨ ᠤ ᠡᠨᠧᠷᠭᠢ ᠶᠢᠨ ᠡᠳ᠋ ᠪᠣᠳᠠᠰ ᠲᠡᠭᠡᠭᠡᠪᠦᠷᠢᠯᠡᠬᠦ ᠬᠡᠷᠡᠭᠴᠡᠭᠡ ᠨᠡᠮᠡᠭᠳᠡᠭᠰᠡᠨ ᠠᠴᠠ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠨᠢ ᠪᠠᠷᠠᠭᠠᠨ ᠤ ᠲᠡᠭᠡᠭᠡᠪᠦᠷᠢ ᠶᠢᠨ ᠨᠡᠮᠡᠭᠳᠡᠯ ᠪᠠ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠥᠷᠨᠢᠭᠦᠯᠵᠦ᠂ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠲᠡᠭᠡᠭᠡᠪᠦᠷᠢ ᠶᠢᠨ ᠭᠤᠣᠯᠳᠠᠯᠭ᠎ᠠ ᠲᠠᠢ ᠬᠡᠷᠡᠭᠯᠡᠭᠴᠢᠳ ᠪᠠ ᠭᠤᠣᠯᠳᠠᠯᠭ᠎ᠠ ᠲᠠᠢ ᠪᠠᠲᠤᠯᠠᠭ᠎ᠠ ᠶᠢᠨ ᠠᠵᠤ ᠠᠬᠤᠶᠢᠯᠠᠯ ᠤᠳ  ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠴᠠᠬᠢᠯᠭᠠᠨ ᠭᠠᠷᠭᠠᠬᠤ ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠬᠤ ᠬᠤᠯᠪᠤᠭᠠᠯᠠᠨ ᠬᠥᠳᠡᠯᠦᠯᠴᠡᠬᠦ ᠠᠵᠢᠯ ᠤᠨ ᠵᠠᠭᠪᠤᠷ ᠢ ᠪᠠᠶᠢᠭᠤᠯᠤᠨ᠂ ᠴᠠᠬᠢᠯᠭᠠᠨ ᠭᠠᠷᠭᠠᠬᠤ ᠨᠡᠭᠦᠷᠡᠰᠦᠨ ᠤ ᠬᠠᠳᠠᠭᠠᠯᠠᠯᠲᠠ ᠶᠢᠨ ᠪᠠᠶᠢᠳᠠᠯ ᠪᠠ ᠬᠤᠷᠣᠭᠳᠠᠯ ᠤᠨ ᠪᠠᠶᠢᠳᠠᠯ ᠢ ᠡᠳᠦᠷ ᠪᠦᠷᠢ ᠣᠶᠢᠯᠠᠭᠠᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠴᠠᠬᠢᠯᠭᠠᠨ ᠭᠠᠷᠭᠠᠬᠤ ᠨᠡᠭᠦᠷᠡᠰᠦᠨ ᠤ ︽ᠲᠡᠷᠭᠡᠨ ᠳᠤ ᠠᠴᠢᠶᠠᠯᠠᠬᠤ ᠡᠳᠦᠷ ᠰᠠᠷ᠎ᠠ ᠶᠢᠨ ᠲᠡᠮᠳᠡᠭᠯᠡᠯ︾ ᠢ ᠲᠣᠭᠲᠠᠭᠠᠵᠠᠢ᠃ ᠡᠭᠦᠨ ᠤ ᠬᠠᠮᠲᠤ ᠲᠠᠩᠱᠠᠨ ᠠᠴᠠ ᠪᠣᠭᠤᠳᠤ ᠬᠦᠷᠬᠦ᠂ ᠬᠤᠯᠪᠤᠭᠠᠯᠵᠢ ᠡᠮᠦᠨ᠎ᠡ ᠥᠷᠲᠡᠭᠡᠨ ᠠᠴᠠ ᠵᠢᠢ ᠠᠨ ᠬᠦᠷᠬᠦ ᠵᠡᠷᠭᠡ ᠨᠡᠭᠦᠷᠡᠰᠦ ᠵᠥᠭᠡᠭᠡᠪᠦᠷᠢᠯᠡᠬᠦ ᠵᠠᠮ ᠤᠨ ᠴᠢᠳᠠᠪᠤᠷᠢ ᠶᠢ ᠭᠦᠢᠴᠡᠳ ᠠᠰᠢᠭᠯᠠᠨ᠂ ᠪᠠᠷᠠᠭᠤᠨ ᠤ ᠨᠡᠭᠦᠷᠡᠰᠦ ᠶᠢ ᠵᠡᠭᠦᠨᠰᠢ ᠵᠥᠭᠡᠭᠡᠪᠦᠷᠢᠯᠡᠬᠦ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠵᠥᠭᠡᠭᠡᠪᠦᠷᠢᠯᠡᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠲᠦᠮᠡᠨ ᠲᠣᠨ ᠤ ᠨᠡᠭᠦᠷᠡᠰᠦ ᠠᠴᠢᠬᠤ ᠴᠢᠳᠠᠮᠵᠢ ᠪᠦᠬᠦᠢ ᠭᠠᠯᠲᠤ ᠲᠡᠷᠭᠡ ᠶᠢ ᠡᠳᠦᠷ ᠪᠦᠷᠢ ᠳᠤᠮᠳᠠᠴᠢ ᠪᠠᠷ 29 ᠨᠡᠪᠲᠡᠷᠡᠭᠦᠯᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ 20 ᠭᠠᠷᠤᠢ ᠮᠤᠵᠢ ᠣᠷᠣᠨ ᠬᠤᠳᠠ ᠶᠢᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠠᠢ᠃      ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠶᠢᠨ ᠡᠳ᠋ ᠪᠣᠳᠠᠰ ᠲᠡᠭᠡᠭᠡᠪᠦᠷᠢᠯᠡᠬᠦ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠲᠡᠮᠦᠷ ᠵᠠᠮ ᠤᠨ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤ ᠪᠤᠳᠠᠭ᠎ᠠ᠂ ᠬᠢᠮᠢ ᠶᠢᠨ ᠪᠣᠷᠳᠣᠭᠤᠷ᠂ ᠦᠨᠢᠶᠡᠨ ᠰᠦ ᠵᠡᠷᠭᠡ ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠲᠡᠭᠡᠭᠡᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂ ᠲᠡᠩᠴᠡᠭᠦᠷᠢᠲᠦ ᠴᠢᠨᠠᠷ᠂ ᠪᠣᠯᠣᠮᠵᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠬᠤ ᠳᠤ ᠦᠢᠯᠡᠴᠢᠯᠡᠬᠦ ᠲᠠᠯ᠎ᠠ ᠪᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠵᠢᠨᠢᠩ ᠡᠮᠦᠨ᠎ᠡ ᠥᠷᠲᠡᠭᠡ ᠠᠴᠠ ᠡᠷᠢᠶᠡᠨ ᠬᠤᠲᠠ ᠬᠦᠷᠬᠦ᠂ ᠯᠢᠨ ᠾᠧ ᠠᠴᠠ ᠴᠡᠭᠡ ᠬᠦᠷᠬᠦ ᠲᠡᠮᠦᠷ ᠵᠠᠮ ᠤᠨ ᠲᠡᠭᠡᠭᠡᠪᠦᠷᠢ ᠶᠢᠨ ᠳᠠᠯᠳᠠ ᠬᠦᠴᠦᠨ ᠢ ᠶᠡᠭᠡ ᠪᠠᠷ ᠠᠭᠤᠳᠠᠯᠵᠤ᠂ ᠡᠷᠢᠶᠡᠨ᠂ ᠴᠡᠭᠡ ᠵᠡᠷᠭᠡ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠪᠠᠷᠠᠭᠠᠨ ᠤ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠳᠤ ᠲᠡᠭᠡᠭᠡᠪᠦᠷᠢ ᠶᠢᠨ ᠲᠤᠯᠭᠠᠭᠤᠷᠢ ᠪᠠ ᠴᠢᠨᠠᠷ ᠰᠠᠶᠢᠲᠠᠢ ᠦᠢᠯᠡᠳᠬᠦᠨ ᠪᠦᠲᠦᠭᠡᠭᠳᠡᠬᠦᠨ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号