ᠰᠦᠨ ᠱᠤᠤ ᠴᠧᠩ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2023/4/10
     ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢᠨ ᠪᠠᠶᠢᠳᠠᠯ ᠢ ︽ᠡᠬᠢ︾ ᠠᠴᠠ ᠨᠢ ︽ᠠᠳᠠᠭ︾ ᠲᠤᠨᠢ ᠲᠤᠯᠲᠠᠯ᠎ᠠ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ 4 ᠰᠠᠷ᠎ᠠ ᠶᠢᠨ 7 ᠤ ᠡᠳᠦᠷ᠂ ᠰᠦᠨ ᠱᠤᠤ ᠴᠧᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠶᠢᠴᠠᠭᠠᠨ ᠰᠤᠳᠤᠯᠵᠤ ᠣᠶᠢᠯᠠᠭᠠᠭᠰᠠᠨ ᠪᠠ ᠡᠩ ᠤᠨ ᠦᠶ᠎ᠡ ᠳᠤ ᠡᠵᠡᠮᠰᠢᠭᠰᠡᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠭᠦᠨᠵᠡᠭᠡᠢ ᠰᠤᠳᠤᠯᠪᠠ᠃      ᠬᠤᠷᠠᠯ ᠠᠴᠠ ᠠᠷᠪᠠᠨ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠨᠢᠭᠡ ᠳᠤ᠂ ᠲᠠᠷᠢᠶᠠᠯᠠᠩ ᠤᠨ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠡᠷᠡᠭᠯᠡᠬᠦ ᠦᠵᠡᠯᠲᠡ ᠪᠠᠨ ᠬᠤᠪᠢᠷᠠᠭᠤᠯᠬᠤ᠂ ᠤᠰᠤ ᠠᠷᠪᠢᠯᠠᠬᠤ ᠤᠬᠠᠮᠰᠠᠷ ᠢᠶᠠᠨ ᠴᠢᠩᠭᠠᠳᠬᠠᠬᠤ ᠠᠴᠠ ᠭᠠᠷᠳᠠᠵᠤ᠂ ᠣᠨᠣᠪᠴᠢᠲᠠᠶ ᠬᠡᠮᠵᠢᠵᠦ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠤᠰᠤ ᠬᠡᠷᠡᠭᠯᠡᠬᠦ ᠦᠨ᠎ᠡ ᠬᠠᠩᠰᠢ ᠶᠢ ᠵᠦᠢ ᠵᠣᠬᠢᠰᠲᠠᠢ ᠳᠡᠭᠡᠭᠰᠢᠯᠡᠭᠦᠯᠦᠨ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠲᠤᠬᠠᠢ ᠤᠷᠮᠠᠰᠢᠭᠤᠯᠬᠤ ᠳᠦᠷᠢᠮ ᠢ ᠲᠣᠭᠲᠠᠭᠠᠨ᠂ ᠲᠠᠷᠢᠶᠠᠯᠠᠩ ᠤᠨ ᠤᠰᠤᠨ ᠤ ᠬᠤᠷᠣᠭᠳᠠᠭᠤᠯᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠬᠤᠶᠠᠷ ᠲᠤ᠂ ᠲᠠᠭᠢᠨ ᠠᠰᠢᠭᠯᠠᠵᠤ ᠪᠤᠯᠬᠤ ᠤᠰᠤ᠂ ᠨᠡᠭᠦᠷᠡᠰᠦᠨ ᠳᠠᠪᠬᠤᠷᠭ᠎ᠠ ᠶᠢᠨ ᠪᠣᠬᠢᠷ ᠤᠰᠤ ᠶᠢ ᠠᠰᠢᠭᠯᠠᠬᠤ ᠨᠣᠷᠮ᠎ᠠ ᠳᠣᠣᠷ᠎ᠠ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠭᠢᠨ ᠠᠰᠢᠭᠯᠠᠵᠤ ᠪᠤᠯᠬᠤ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠠᠵᠤ ᠠᠬᠤᠶᠢᠯᠠᠯ ᠢ ᠵᠣᠷᠢᠭᠵᠢᠭᠤᠯᠵᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠶᠢᠨ ᠪᠣᠬᠢᠷ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠬᠥᠷᠥᠰᠥ ᠰᠢᠷᠣᠢ ᠶᠢᠨ ᠢᠳᠡᠭᠳᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠰᠢᠨ᠎ᠡ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠲᠣᠬᠢᠷᠠᠮᠵᠢᠲᠠᠢ ᠭᠠᠵᠠᠷ ᠣᠷᠣᠨ ᠳᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠶᠢ ᠥᠷᠭᠡᠨ ᠢᠶᠠᠷ ᠬᠡᠷᠡᠭᠵᠢᠭᠦᠯᠵᠦ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠳᠠᠷᠢᠵᠤ᠂ ᠦᠷ᠎ᠡ ᠠᠰᠢᠭ ᠢ ᠲᠡᠷᠢᠭᠦᠨ ᠳᠤ ᠲᠠᠯᠪᠢᠵᠤ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠤᠨ᠎ᠠ᠃ ᠳᠥᠷᠪᠡ ᠳᠤ᠂ ᠬᠠᠳᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠲᠣᠭᠲᠠᠴᠠ ᠲᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠠᠪᠤ ᠳᠤ᠂ ᠣᠷᠴᠢᠨ ᠲᠣᠭᠤᠷᠢᠨ ᠤ ᠪᠣᠬᠢᠷᠳᠤᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠶᠡᠭᠡ ᠪᠠᠷ ᠴᠡᠭᠴᠡᠯᠡᠨ ᠵᠠᠰᠠᠵᠤ᠂ ᠦᠬᠠᠢ ᠵᠢᠴᠢ ᠲᠡᠭᠦᠨ ᠤ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠵᠢᠷᠭᠤᠭ᠎ᠠ ᠳᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠲᠣᠪᠤᠶᠢᠮ᠎ᠠ ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂ ᠰᠠᠶᠢᠲᠤᠷ ᠰᠠᠶᠢᠵᠢᠷᠠᠭᠤᠯᠤᠭᠰᠠᠨ ᠢ ᠨᠢ ᠵᠣᠬᠢᠰᠲᠠᠢ ᠠᠷᠭ᠎ᠠ ᠮᠠᠶ᠋ᠢᠭ ᠢᠶᠠᠷ ᠱᠠᠩᠨᠠᠵᠤ᠂ ᠣᠯᠠᠨᠲᠠ ᠬᠠᠯᠠᠨ ᠰᠠᠶᠢᠵᠢᠷᠠᠭᠤᠯᠤᠭᠰᠠᠨ ᠴᠤ ᠣᠯᠠᠨᠲᠠ ᠵᠥᠷᠢᠴᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠢ ︽ᠬᠦᠨᠳᠦ  ᠪᠠᠷ ᠰᠢᠢᠳᠬᠡᠵᠦ︾ ᠴᠢᠩᠭ᠎ᠠ ᠰᠢᠢᠳᠪᠦᠷᠢᠯᠡᠨ᠎ᠡ᠃ ᠲᠤᠯᠤᠭ᠎ᠠ ᠳᠤ᠂ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠥᠨᠳᠥᠷ ᠪᠢᠰᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠪᠡᠯᠡ ᠮᠥᠩᠭᠦ ᠶᠢ ᠰᠢᠯᠢᠳᠡᠭᠵᠢᠭᠦᠯᠦᠨ ᠨᠡᠶᠢᠳᠬᠡᠵᠦ᠂ ᠬᠦᠴᠦ ᠪᠠᠨ ᠲᠥᠪᠯᠡᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠡᠭᠡ ᠶᠠᠪᠤᠳᠠᠯ ᠢ ᠪᠦᠲᠦᠭᠡᠨ᠎ᠡ᠃ ᠨᠠᠢᠮᠠ ᠳᠤ᠂ ᠬᠥᠳᠡᠭᠡ ᠲᠣᠰᠬᠤᠨ ᠤ ᠭᠠᠵᠠᠷ ᠰᠢᠷᠣᠢ ᠰᠤᠯᠠ ᠲᠠᠯᠪᠢᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠥᠨᠳᠡᠶᠢᠷᠡᠭᠰᠡᠨ ᠲᠣᠰᠬᠤᠨ︾ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠭᠠᠵᠠᠷ ᠰᠢᠷᠣᠢ ᠶᠢᠨ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠭᠠᠵᠠᠷ ᠰᠢᠷᠣᠢ ᠶᠢᠨ ᠦᠷᠳᠡᠭ ᠢ ᠳᠡᠭᠡᠭᠰᠢᠯᠡᠭᠦᠯᠦᠨ᠎ᠡ᠃ ᠶᠢᠰᠦ ᠳᠤ᠂ ᠬᠠᠲᠤᠨ ᠭᠤᠣᠯ ᠳᠠᠭᠠᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ ᠲᠦᠪᠰᠢᠨ ᠢᠶᠠᠷ ᠲᠥᠯᠥᠪᠵᠢᠭᠦᠯᠦᠨ ᠪᠠᠶᠢᠷᠢᠰᠢᠭᠤᠯᠬᠤ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠠᠷᠪᠠ ᠳᠤ᠂ ᠮᠠᠯᠴᠢᠨ ᠲᠠᠷᠢᠶᠠᠴᠢᠨ ᠤ ᠡᠵᠡᠨ ᠬᠥᠮᠥᠨ ᠤ ᠦᠵᠡᠯ ᠤᠬᠠᠮᠰᠠᠷ ᠴᠢᠩᠭ᠎ᠠ ᠪᠤᠰᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠬᠠᠭᠤᠯᠭ᠎ᠠ ᠬᠥᠮᠦᠵᠢᠯ ᠪᠣᠯᠣᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠬᠡᠷᠡᠭᠵᠢᠭᠦᠯᠵᠦ᠂ ᠥᠷᠭᠡᠨ ᠣᠯᠠᠨ ᠮᠠᠯᠴᠢᠳ ᠲᠠᠷᠢᠶᠠᠴᠢᠳ ᠤᠨ ᠬᠥᠳᠡᠭᠡ ᠲᠤᠰᠬᠤᠨ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃      ᠬᠤᠷᠠᠯ ᠠᠴᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠪᠠᠳᠠᠷᠠᠭᠤᠯᠵᠤ᠂ ᠴᠡᠭ ᠲᠤ ᠰᠠᠭᠤᠬᠤ ᠮᠠᠶ᠋ᠢᠭ ᠤᠨ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠬᠦ ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠢᠯᠡᠭᠦᠬᠡᠨ ᠬᠢᠵᠦ᠂ ᠠᠰᠠᠭᠤᠳᠠᠯ ᠢ ᠲᠠᠰᠤᠷᠠᠯᠲᠠ ᠦᠭᠡᠢ ᠢᠯᠡᠷᠡᠭᠦᠯᠭᠦ ᠪᠠ ᠰᠢᠢᠳᠪᠦᠷᠢᠯᠡᠬᠦ ᠪᠠᠷ ᠳᠡᠮᠵᠢᠨ᠂ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠠᠲᠤᠨ ᠭᠤᠣᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号