ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠪᠠ ᠪᠦᠦ ᠰᠢᠶᠠᠨ ᠬᠤᠸᠠ ᠫᠠᠶᠢᠰᠠ ᠡᠯᠭᠦᠭᠦ ᠶᠣᠰᠣᠯᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/4/10
     4 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠭᠦᠭᠡᠬᠤᠲᠠ ᠶᠢᠨ ᠵᠠᠰᠠᠭ ᠤᠨ ᠣᠷᠳᠣᠨ᠂ ᠢᠯᠢ ᠪᠦᠯᠦᠭᠯᠡᠯ ᠤᠨ ᠬᠠᠮᠲᠤ ᠪᠠᠷ ᠪᠠᠶᠢᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠡᠯᠭᠦᠭᠦ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠣᠷᠣᠯᠴᠠᠬᠰᠠᠨ ᠪᠥᠭᠡᠳ ᠫᠠᠶᠢᠰᠠ ᠡᠯᠭᠦᠪᠡ᠃      ᠲᠣᠰ ᠳᠡᠭᠡᠳᠦ ᠰᠤᠷᠭᠠᠭᠤᠯᠢ ᠪᠣᠯ ᠤᠯᠤᠰ ᠤᠨ ᠳᠣᠲᠣᠭᠠᠳᠤ ᠶᠢᠨ ᠠᠩᠬᠠᠳᠠᠭᠴᠢ ᠰᠦ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠵᠤ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠭᠦ ᠭᠡᠯᠪᠡᠷᠢ ᠶᠢᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠠᠮᠵᠢᠯᠴᠠᠨ ᠬᠥᠮᠥᠵᠢᠭᠦᠯᠵᠦ᠂ ᠮᠠᠨ ᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号