ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠷᠠᠳ | ᠣᠯᠠᠨ ᠤ ᠰᠤᠷᠭᠠᠨ ᠬᠥᠮᠦᠵᠢᠯ ᠤᠨ ᠲᠤᠬᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠭᠡᠷ ᠤᠨ ᠠᠬᠠᠮᠠᠳ ᠤᠨ ᠬᠡᠦᠬᠡᠳ ᠢᠶᠠᠨ | ᠴᠡᠴᠡᠷᠯᠢᠭ ᠲᠤ ᠣᠷᠣᠭᠤᠯᠤᠨ ᠰᠤᠷᠭᠠᠭᠤᠯᠢ ᠳᠤ ᠣᠷᠣᠭᠤᠯᠬᠤ ᠠᠵᠢᠯ ᠶᠠᠪᠤᠳᠠᠯ ᠢ ᠭᠦᠢᠴᠡᠳᠬᠡᠬᠦ ᠳᠤ ᠣᠯᠠᠨ ᠭᠠᠵᠠᠷ | ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠠᠯᠬᠤᠮ ᠳᠠᠷᠠᠭ᠎ᠠ ᠪᠤᠳᠤᠯᠢᠶᠠᠨᠲᠠᠶ ᠵᠡᠷᠭᠡ | ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠣᠲᠣᠭᠠᠳᠤ ᠶᠢ ᠬᠠᠮᠠᠭᠠᠯᠠᠬᠤ ᠲᠢᠩᠬᠢᠮ | ᠵᠡᠷᠭᠡ 7 ᠰᠠᠯᠠᠭ᠎ᠠ ᠮᠥᠴᠢᠷ ᠲᠠᠢ ᠬᠤᠯᠪᠣᠭᠠᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ ᠢ ᠭᠦᠢᠴᠡᠳᠬᠡᠬᠦ ᠲᠤᠬᠠᠶ ᠵᠢᠯᠣᠭᠤᠳᠬᠤ ᠰᠠᠨᠠᠯ︾ | ᠢ ᠳᠠᠷᠤᠮᠠᠯᠯᠠᠨ ᠲᠠᠷᠬᠠᠭᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠬᠤ᠂ ᠬᠢᠨᠠᠨ ᠵᠥᠪᠰᠢᠶᠡᠷᠡᠬᠦ | ᠴᠣᠪᠤᠷᠠᠯ ᠢ ᠵᠢᠷᠤᠮᠵᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠬᠥᠷᠲᠡᠬᠦ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ | ᠡᠷᠦᠬᠡ ᠠᠮᠠ ᠶᠢᠨ ᠬᠠᠷᠢᠶᠠᠯᠠᠯ᠂ ᠥᠯᠥ ᠬᠥᠳᠡᠯᠬᠦ ᠬᠥᠷᠥᠩᠭᠡ᠂ ᠬᠡᠷ ᠪᠠᠶᠢᠰᠢᠩ ᠤᠨ ᠠᠷᠠᠯᠵᠢᠶ᠎ᠠ᠂ ᠨᠡᠶᠢᠭᠡᠮ ᠤᠨ | ᠪᠠᠲᠤᠯᠠᠭ᠎ᠠ ᠶᠢᠨ ᠭᠡᠷᠡᠴᠢᠯᠡᠯ ᠵᠡᠷᠭᠡ ︽ᠲᠤᠭ᠎ᠠ ᠪᠠᠷᠢᠮᠲᠠ ᠶᠢᠨ ᠲᠥᠭᠵᠢᠷᠡᠯ︾ ᠢ ᠨᠡᠪᠲᠡᠷᠡᠭᠦᠯᠵᠦ᠂ ︽ᠴᠡᠴᠡᠷᠯᠢᠭ ᠲᠤ | ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠶᠢ | ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠤᠨ | ᠰᠣᠷᠣᠭᠴᠢ ᠡᠯᠰᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠰᠢᠰᠲ᠋ᠧᠮ ᠢ ᠨᠡᠭᠡᠭᠡᠨ ᠠᠰᠢᠭᠯᠠᠵᠤ ᠬᠡᠷᠡᠭᠯᠡᠬᠦ ᠶᠢ | ᠰᠠᠶᠢᠲᠤᠷ ᠬᠢᠬᠦ᠂ ᠤᠬᠠᠭᠤᠯᠤᠨ ᠵᠢᠯᠣᠭᠤᠳᠬᠤ ᠵᠡᠷᠭᠡ ᠠᠵᠢᠯ ᠢ ᠤᠯᠠᠮ ᠨᠢᠭᠡ ᠠᠯᠬᠤᠮ ᠵᠢᠯᠣᠭᠤᠳᠴᠤ᠂ ᠠᠰᠠᠭᠤᠨ | ᠯᠠᠪᠯᠠᠬᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠰᠤᠷᠭᠠᠭᠤᠯᠢ ᠶᠢᠨ ᠳᠣᠲᠣᠷ᠎ᠠ ᠰᠦᠯᠵᠢᠶᠡᠨ ᠠᠴᠠ ᠭᠠᠳᠠᠭᠤᠷᠬᠢ | ᠣᠷᠣᠯᠠᠨ ᠭᠦᠢᠴᠡᠳᠬᠡᠬᠦ ᠴᠡᠭ ᠭᠠᠷᠭᠠᠨ᠂ ᠭᠠᠷ ᠤᠲᠠᠰᠤ᠂ ᠺᠣᠮᠫᠢᠦ᠋ᠲ᠋ᠧᠷ ᠢᠶᠠᠷ ᠭᠦᠢᠴᠡᠳᠬᠡᠬᠦ ᠳᠤ ᠳᠦᠭᠦᠮ ᠥᠬᠡᠶ | ᠣᠯᠠᠨ ᠲᠦᠮᠡᠨ ᠤ ᠨᠡᠷ᠎ᠡ ᠮᠡᠳᠡᠭᠦᠯᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ︽ᠴᠡᠴᠡᠷᠯᠢᠭ ᠲᠤ ᠣᠷᠣᠵᠤ | ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠢ ᠭᠦᠢᠴᠡᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ | ᠪᠣᠯᠣᠨ᠎ᠠ᠃ |