ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠣᠷᠣᠨ ᠢᠶᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠭᠰᠠᠨ ᠨᠢ᠂ ᠶᠠᠰᠤ | ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ | ᠲᠤᠰᠠᠳᠠ᠂ ᠲᠣᠰ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠨᠥᠬᠦᠴᠡᠯ ᠳᠤ | ᠨᠡᠶᠢᠴᠡᠬᠦ ᠡᠵᠡᠩᠨᠡᠯᠲᠡ ᠶᠢᠨ ᠭᠤᠣᠯ ᠴᠣᠭᠴᠠ ᠨᠤᠭᠤᠳ 2023 ᠣᠨ ᠤ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠪᠣᠯ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ | ᠲᠠᠯ᠎ᠠ ᠶᠢᠨ ᠢᠷᠠᠭᠤ ᠠᠯᠳᠠᠷ ᠤᠨ ᠱᠠᠩᠨᠠᠯ ᠮᠥᠨ᠃ 2 ᠵᠢᠯ ᠳᠤ 1 ᠤᠳᠠᠭ᠎ᠠ ᠰᠢᠯᠭᠠᠷᠠᠭᠤᠯᠵᠤ᠂ ᠬᠤᠭᠤᠴᠠᠭ᠎ᠠ ᠪᠦᠷᠢ | ᠨᠡᠶᠢᠲᠡ 5 ᠶᠠᠰᠤ ᠴᠢᠨᠠᠷ ᠤᠨ ᠱᠠᠩᠨᠠᠯ ᠣᠯᠭᠤᠨ᠎ᠠ᠃ | ᠭᠤᠶᠤᠴᠢᠯᠠᠨ ᠮᠡᠳᠡᠭᠦᠯᠬᠦ ᠨᠢᠭᠡᠴᠢ ᠨᠢ 5 ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ᠂ ᠬᠠᠤᠯᠢ ᠶᠢᠨ | ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠬᠡᠪ ᠢᠶᠠᠷ ᠡᠵᠡᠩᠨᠡᠭᠰᠡᠨ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠰ᠂ ᠴᠢᠨᠠᠷ ᠴᠢᠨᠰᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠳᠤ ᠠᠷᠪᠢᠲᠠᠢ᠂ | ᠠᠮᠤᠷ ᠲᠦᠪᠰᠢᠨ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ | ︔ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠨᠢ ᠪᠦᠷᠢᠨ ᠲᠡᠭᠦᠯᠳᠡᠷ᠂ ᠴᠢᠨᠠᠷ ᠴᠢᠨᠰᠠᠭ᠎ᠠ ᠶᠢᠨ | ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠶᠠᠰᠤ | ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ᠂ ᠠᠷᠭ᠎ᠠ ᠨᠢ ᠰᠢᠨᠡᠴᠢᠯᠡᠯᠲᠡ ᠲᠠᠢ ᠪᠥᠭᠡᠳ 2 ᠵᠢᠯ ᠠᠴᠠ | ᠳᠡᠭᠡᠭᠰᠢ ᠪᠦᠲᠦᠮᠵᠢᠲᠡᠶ ᠠᠵᠢᠯᠯᠠᠭᠤᠯᠤᠭᠰᠠᠨ ᠵᠢᠴᠢ ᠳᠡᠯᠭᠡᠷᠡᠭᠦᠯᠦᠨ ᠰᠤᠷᠲᠠᠯᠴᠢᠯᠠᠬᠤ ᠦᠨ᠎ᠡ ᠥᠷᠲᠡᠭ ᠲᠠᠢ ᠪᠠᠶᠢᠬᠤ | ᠬᠡᠷᠡᠭᠲᠡᠢ︔ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠨᠢᠭᠡᠴᠢ ᠶᠢᠨ ᠬᠤᠪᠢ ᠳᠤ᠂ ᠭᠤᠣᠯ | ᠪᠣᠯᠬᠤ ᠠᠵᠤ ᠠᠬᠤᠢ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠨᠢ ᠪᠥᠬᠦ | ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠪᠠᠶᠢᠬᠤ ᠬᠡᠷᠡᠭᠲᠡᠢ᠃ ᠠᠰᠢᠭ | ᠬᠤᠨᠵᠢᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠨᠢᠭᠡᠴᠢ ᠶᠢᠨ ᠬᠤᠪᠢ ᠳᠤ᠂ | ᠨᠡᠶᠢᠭᠡᠮ ᠤᠨ ᠬᠤᠪᠢ ᠨᠡᠮᠡᠷᠢ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠳᠠᠯᠢ ᠠᠵᠢᠯ ᠲᠥᠷᠥᠯ ᠤᠨ ᠡᠮᠦᠨ᠎ᠡ | ᠡᠩᠨᠡᠭᠡᠨ ᠳᠤ ᠵᠢᠭᠰᠠᠭᠠᠭᠳᠠᠭᠰᠠᠨ ᠪᠠᠶᠢᠬᠤ ᠬᠡᠷᠡᠭᠲᠡᠢ︔ ᠶᠠᠰᠤ ᠴᠢᠨᠠᠷ ᠤᠨ ᠬᠥᠭᠵᠢᠯᠲᠡ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠪᠠᠷᠢᠮᠵᠢᠶ᠎ᠠ ᠶᠢᠨ ᠰᠢᠨᠡᠴᠢᠯᠡᠯᠲᠡ | ᠂ ᠠᠵᠤ ᠠᠬᠤᠢ ᠨᠡᠶᠢᠭᠡᠮ ᠤᠨ ᠦᠷ᠎ᠡ ᠠᠰᠢᠭ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ | ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠣᠭᠰᠠᠨ | ᠪᠠᠶᠢᠬᠤ ᠬᠡᠷᠡᠭᠲᠡᠢ︔ ᠣᠶᠢᠷ᠎ᠠ ᠶᠢᠨ 3 ᠵᠢᠯ ᠳᠤ ᠴᠢᠨᠠᠷ ᠴᠢᠨᠰᠠᠭ᠎ᠠ᠂ ᠠᠮᠤᠷ ᠲᠦᠪᠰᠢᠨ᠂ ᠣᠷᠴᠢᠨ ᠲᠣᠭᠤᠷᠢᠨ ᠤ | ᠪᠣᠬᠢᠷᠳᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠠᠳᠡᠯ ᠭᠠᠷᠭᠠᠭᠰᠠᠨ ᠦᠭᠡᠢ᠂ ᠬᠠᠮᠢᠶ᠎ᠠ | ᠪᠦᠬᠦᠢ ᠬᠠᠤᠯᠢ ᠴᠠᠭᠠᠵᠠ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠢᠲᠡᠭᠡᠮᠵᠢ ᠠᠯᠳᠠᠭᠰᠠᠨ ᠲᠡᠮᠳᠡᠭᠯᠡᠯ ᠦᠭᠡᠢ | ᠪᠠᠶᠢᠬᠤ ᠬᠡᠷᠡᠭᠲᠡᠢ᠃ | ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠲᠠᠢ ᠵᠣᠯᠭᠠᠭᠤᠯᠬᠤ ᠪᠠ | ᠪᠤᠶᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ 2023 ᠣᠨ ᠳᠤ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠶᠢ ᠡᠮᠦᠨᠡᠬᠢ ᠵᠢᠯ ᠤᠳ ᠲᠠᠢ | ᠬᠠᠷᠢᠴᠠᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ ᠪᠠ ᠠᠷᠭ᠎ᠠ ᠶᠢᠨ ᠳ᠋ᠦᠩᠨᠡᠯᠲᠡ ᠶᠢ | ᠨᠡᠮᠡᠭᠳᠡᠭᠦᠯᠵᠡᠢ᠃ |