ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/14
     4 ᠰᠠᠷ᠎ᠠ ᠶᠢᠨ 13 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠱᠤᠸᠠᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠢᠦᠢ ᠭᠠᠩ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠵᠢᠷᠦᠭᠡᠰᠢᠶᠡᠭᠦᠯᠭᠦ ᠦᠢᠯᠡᠳᠦᠯ ᠢ ᠨᠠᠩ ᠴᠢᠩᠭᠠᠳᠬᠠᠵᠤ᠂ ᠦᠩᠬᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠨᠠᠩ ᠳᠣᠪᠤᠶᠢᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠲᠣᠭᠤᠷᠢᠨ ᠪᠠᠶᠢᠴᠠᠭᠠᠯᠲᠠ ᠨᠢ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ︽ᠲᠤᠰᠬᠠᠢ︾ ᠶᠢᠨ ᠳᠠᠪᠠᠭᠤᠯᠢᠭ ᠢ ᠳᠤᠪᠤᠶᠢᠯᠭᠠᠵᠤ᠂ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠪᠠᠷ ᠪᠦᠭᠦ ᠲᠠᠯ᠎ᠠ ᠶᠢᠨ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠲᠣᠭᠤᠷᠢᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ ᠥᠷᠭᠡᠵᠢᠬᠦ᠂ ᠲᠤᠰᠬᠠᠢ ᠬᠦᠴᠦᠯᠡᠬᠦ᠂ ᠳᠣᠷᠣᠭᠰᠢ ᠥᠷᠭᠡᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠪᠠᠶᠢᠴᠠᠭᠠᠬᠤ ᠡᠩᠨᠡᠭᠡᠨ ᠤ ᠴᠢᠳᠠᠪᠤᠷᠢ ᠪᠣᠯᠣᠨ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号