ᠥᠪᠥᠷ ᠮᠣᠩᠭᠤᠯ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/4/14
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠡᠷᠦᠬᠡ ᠳᠤ ᠣᠷᠣᠬᠤ ᠡᠬᠢᠯᠡᠯᠲᠡ ᠶᠢᠨ ᠶᠣᠰᠣᠯᠠᠯ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠲᠤ ᠶᠠᠪᠤᠭᠳᠠᠪᠠ᠃      ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠨᠢ ᠲᠣᠮᠣ ᠤᠯᠤᠰ ᠤᠨ ᠦᠨᠳᠦᠰᠦᠨ ᠪᠠᠶᠢᠳᠠᠯ ᠢ ᠣᠶᠢᠯᠭᠠᠨ ᠲᠣᠳᠣᠯᠠᠬᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠶᠢ ᠦᠨᠡᠨ ᠪᠣᠳᠠᠲᠠᠢ ᠪᠥᠭᠡᠳ ᠣᠨᠣᠪᠴᠢᠲᠠᠢ ᠲᠤᠰᠬᠠᠬᠤ ᠴᠢᠬᠤᠯᠠ ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠬᠢᠭᠰᠡᠨ ᠨᠢᠭᠡ ᠤᠳᠠᠭ᠎ᠠ ᠶᠢᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠣᠨ᠎ᠠ᠂ ᠮᠥᠨ ᠴᠦ ᠨᠠᠮ ᠤᠨ ᠲᠥᠪ ᠬᠤᠷᠢᠶ᠎ᠠ᠂ ᠲᠦᠷᠦ ᠤᠨ ᠶᠠᠪᠤᠳᠠᠯ ᠤᠨ ᠬᠤᠷᠢᠶ᠎ᠠ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠲᠠᠨᠢᠯᠴᠠᠭᠤᠯᠬᠤ ᠳᠤ ᠪᠠᠨ᠂ ᠶᠡᠷᠦᠩᠬᠡᠶᠢᠯᠡᠭᠰᠡᠨ ᠲᠤᠷᠰᠢᠯᠲᠠ ᠤᠨ ᠴᠡᠭ ᠤᠨ ᠠᠵᠢᠯ ᠪᠣᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠵᠢᠩᠬᠢᠨᠢ ᠪᠠᠷ ᠥᠷᠨᠢᠭᠦᠯᠬᠦ ᠠᠴᠠ ᠡᠮᠦᠨᠡᠬᠢ ᠬᠠᠮᠤᠭ ᠰᠡᠭᠦᠯᠴᠢ ᠶᠢᠨ ᠨᠢᠭᠡ ᠤᠳᠠᠭᠠᠨ ᠤ ᠳᠠᠭᠤᠷᠢᠶᠠᠮᠠᠯ ᠪᠣᠳᠠᠲᠤ ᠠᠵᠢᠯᠯᠠᠭ᠎ᠠ ᠪᠠ ᠰᠣᠷᠢᠯᠲᠠ᠂ ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ ᠰᠢᠯᠭᠠᠭᠤᠷ ᠪᠣᠯᠣᠨ᠎ᠠ᠃ ᠪᠥᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠪᠠᠷ ᠳ᠋ᠦᠩᠨᠡᠨ ᠵᠠᠳᠠᠯᠵᠤ᠂ ᠠᠰᠠᠭᠤᠳᠠᠯ ᠢ ᠰᠶᠢᠳᠪᠦᠷᠢᠯᠡᠬᠦ ᠠᠷᠭ᠎ᠠ ᠶᠢ ᠢᠳᠡᠪᠬᠢᠲᠡᠢ ᠪᠠᠷ ᠰᠦᠪᠡᠭᠴᠢᠯᠡᠨ᠂ ᠠᠵᠢᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠲᠣᠩᠭᠤᠷᠠᠭᠤᠯᠤᠨ ᠵᠢᠭᠰᠠᠭᠠᠵᠤ᠂ ᠠᠵᠢᠯ ᠤᠨ ᠵᠢᠷᠤᠭ ᠲᠥᠯᠥᠪᠯᠡᠭᠡ ᠡᠯᠭᠦᠨ ᠠᠵᠢᠯᠯᠠᠬᠤ ᠶᠢᠨ ᠬᠠᠮᠲᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠪᠥᠬᠦ ᠴᠤᠪᠤᠷᠠᠯ ᠤᠨ ᠳᠠᠭᠤᠷᠢᠶᠠᠮᠠᠯ ᠠᠵᠢᠯᠯᠠᠭ᠎ᠠ ᠪᠠ ᠰᠣᠷᠢᠯᠲᠠ ᠪᠠᠷ ᠳᠠᠮᠵᠢᠭᠤᠯᠤᠨ ᠪᠥᠬᠦ ᠲᠠᠯ᠎ᠠ ᠪᠠᠷ ᠰᠢᠯᠭᠠᠨ ᠲᠤᠷᠰᠢᠵᠤ᠂ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠥᠷᠨᠢᠭᠦᠯᠬᠦ ᠳᠤ ᠪᠦᠲᠦᠮᠵᠢᠲᠡᠢ ᠠᠷᠭ᠎ᠠ ᠵᠠᠮ ᠡᠷᠢᠯᠬᠢᠯᠡᠬᠦ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠭᠤᠣᠯ ᠵᠣᠷᠢᠯᠭ᠎ᠠ ᠪᠣᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ ᠪᠠ ᠪᠣᠯᠣᠮᠵᠢᠲᠤ ᠴᠢᠨᠠᠷ ᠢ ᠰᠢᠯᠭᠠᠨ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠤᠨ ᠲᠤᠷᠰᠢᠯᠭ᠎ᠠ ᠶᠢ ᠬᠤᠷᠠᠮᠳᠤᠭᠤᠯᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠲᠡᠭᠦᠯᠳᠡᠷᠵᠢᠭᠦᠯᠬᠦ ᠶᠢᠨ ᠲᠥᠯᠥᠭᠡ ᠶᠤᠮ᠃ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠠᠭᠲᠠᠭᠠᠭᠰᠠᠨ ᠪᠥᠬᠦ ᠤᠯᠤᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠪᠣᠯᠬᠤ 6 ᠮᠤᠵᠢ᠂ ᠥᠪᠡᠷᠲᠡᠭᠡᠨ ᠵᠠᠰᠠᠬᠤ ᠣᠷᠣᠨ᠂ ᠬᠤᠲᠠ ᠨᠢ 5 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠲᠤᠷᠰᠢᠯᠲᠠ ᠶᠢᠨ ᠴᠡᠭ ᠤᠨ ᠠᠵᠢᠯ ᠤᠨ ᠳ᠋ᠦᠩᠨᠡᠯᠲᠡ ᠪᠠᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号