4 ᠰᠠᠷ᠎ᠠ ᠶᠢᠨ 13 ᠤ ᠡᠳᠦᠷ ᠠᠴᠠ 14 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠤᠨ | ᠬᠥᠭᠵᠢᠯᠲᠡ ᠶᠢᠨ ᠬᠤᠷᠠᠯ ᠪᠤᠭᠤᠲᠤ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠪᠠᠢ ᠴᠢᠩ ᠶᠤᠸᠠᠨ᠂ ᠭᠤᠣᠯᠳᠠᠯᠭ᠎ᠠ ᠲᠠᠢ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ᠂ | ᠪᠦᠯᠦᠭᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃ ᠨᠡᠭᠡᠭᠡᠯᠲᠡ ᠬᠢᠵᠦ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠤᠬᠠᠮᠰᠠᠷ ᠢᠶᠠᠨ ᠴᠢᠩᠭᠠᠳᠬᠠᠵᠤ᠂ ᠭᠤᠣᠯ ᠪᠣᠯᠬᠤ ᠠᠵᠤ ᠠᠬᠤᠶᠢᠯᠠᠯ | ᠲᠦᠷᠦᠭᠦᠯᠡᠨ ᠵᠢᠱᠢᠶ᠎ᠡ ᠦᠵᠡᠭᠦᠯᠭᠦ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠨᠠᠩ | ᠣᠯᠠᠨ ᠣᠨᠣᠴᠠᠲᠠᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠤᠨ ᠬᠤᠭᠤᠴᠠᠭᠠᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ᠂ | ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ | ᠰᠡᠯᠪᠢᠭ ᠲᠣᠨᠤᠭ ᠦᠢᠯᠡᠳᠪᠦᠷᠢᠯᠡᠬᠦ ᠠᠵᠤ ᠠᠬᠤᠶᠢᠯᠠᠯ︔ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ᠂ ᠡᠨᠧᠷᠭᠢ | ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠮᠠᠲ᠋ᠧᠷᠢᠶᠠᠯ | ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠶᠢᠨ ᠭᠡᠷ᠎ᠡ ᠲᠣᠭᠲᠠᠬᠤ ᠶᠣᠰᠣᠯᠠᠯ ᠬᠢᠬᠦ ᠶᠢᠨ ᠬᠠᠮᠲᠤ᠂ ᠬᠤᠷᠠᠯ ᠳᠤ | ᠣᠷᠣᠯᠴᠠᠭᠰᠠᠳ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠰᠢᠨᠵᠢᠯᠡᠨ ᠪᠠᠶᠢᠴᠠᠭᠠᠵᠤ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ |