ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ︽ᠥᠪᠥᠷ | ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ︿ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ | ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ﹀ ᠶᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ | ᠵᠢᠯ ᠤᠨ ᠬᠤᠭᠤᠴᠠᠭ᠎ᠠ ᠲᠠᠢ ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ | ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ ᠴᠢᠩᠭᠠᠳᠬᠠᠨ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠢ᠃ | ︽ᠬᠡᠷᠡᠭᠵᠢᠭᠦᠯᠬᠦ ᠰᠠᠨᠠᠯ︾ ᠢ ᠦᠨᠳᠦᠰᠦᠯᠡᠪᠡᠯ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ | ᠠᠭᠤᠯᠠᠨ ᠣᠶ᠂ ᠭᠤᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠭᠤᠷᠢᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢᠶᠠᠷ ᠭᠤᠣᠯ ᠲᠠᠯᠠᠪᠤᠷ | ᠪᠣᠯᠭᠠᠭᠰᠠᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠵᠡᠷᠭᠡ | ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠠᠭᠤᠯᠠᠨ ᠣᠶ ᠶᠢᠨ | ᠬᠠᠮᠠᠭᠠᠯᠠᠯᠲᠠ ᠶᠢᠨ ᠬᠠᠮᠵᠢᠯᠴᠠᠭᠠᠨ ᠤ ᠣᠷᠣᠨ ᠢ ᠪᠠᠶᠢᠭᠤᠯᠤᠨ᠎ᠠ︔ ᠬᠠᠳᠤᠨ ᠭᠤᠣᠯ ᠬᠢᠭᠡᠳ ︽ᠬᠥᠯᠥᠨ ᠨᠠᠭᠤᠷ | ᠤᠯᠠᠭᠠᠨᠰᠤᠬᠠᠢ ᠳᠠᠭ᠎ᠠ ᠶᠢᠨ ᠨᠠᠭᠤᠷ︾ ᠢᠶᠠᠷ ᠭᠤᠣᠯ ᠲᠠᠯᠠᠪᠤᠷ ᠪᠣᠯᠭᠠᠭᠰᠠᠨ᠂ ᠬᠠᠳᠤᠨ ᠭᠤᠣᠯ ᠤᠨ ᠤᠷᠤᠰᠬᠠᠯ | ᠳᠠᠭᠠᠤ ᠶᠢᠨ ᠲᠤᠯᠤᠭᠠᠨ ᠠᠶᠢᠮᠠᠭ ᠬᠤᠳᠠ ᠪᠠ ᠬᠥᠯᠥᠨ ᠪᠤᠶᠢᠷ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ | ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠭᠤᠣᠯ ᠮᠥᠷᠡᠨ ᠨᠠᠭᠤᠷ | ᠪᠦᠷᠢᠳᠦ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠤᠷᠢᠭ ᠢ ᠪᠠᠶᠢᠭᠤᠯᠤᠨ᠎ᠠ︔ ᠬᠥᠯᠥᠨ ᠪᠤᠶᠢᠷ ᠤᠨ ᠲᠠᠯ᠎ᠠ | ᠪᠡᠯᠴᠢᠭᠡᠷ᠂ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠭᠤᠣᠯ ᠲᠠᠯᠠᠪᠤᠷ ᠪᠣᠯᠭᠠᠭᠰᠠᠨ᠂ ᠲᠤᠬᠠᠢ ᠶᠢᠨ ᠭᠠᠵᠠᠷ ᠤᠨ | ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠬᠠᠮᠵᠢᠯᠴᠠᠭᠠᠨ ᠤ ᠣᠷᠣᠨ ᠢ ᠪᠠᠶᠢᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢ ᠬᠠᠮᠤᠷᠤᠭᠰᠠᠨ ᠠᠮᠢ | ᠠᠬᠤᠢ ᠶᠢᠨ ᠪᠠᠶᠢᠴᠠᠭᠠᠯᠲᠠ ᠶᠢᠨ ︽ᠶᠡᠭᠡ ᠬᠠᠮᠵᠢᠯᠴᠠᠭ᠎ᠠ︾ ᠶᠢᠨ ᠬᠠᠮᠠᠭᠠᠯᠠᠯᠲᠠ ᠶᠢᠨ ᠵᠠᠭᠪᠤᠷ ᠢ ᠪᠤᠢ ᠪᠣᠯᠭᠠᠨ᠎ᠠ᠃ | ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ | ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠭᠡᠬᠦ ᠭᠤᠷᠪᠠᠨ ᠶᠡᠭᠡ ᠬᠠᠮᠵᠢᠯᠴᠠᠭᠠᠨ ᠤ | ᠣᠷᠣᠨ ᠳᠤ ᠲᠦᠰᠢᠭᠯᠡᠨ᠂ ᠬᠠᠮᠵᠢᠯᠴᠠᠬᠤ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ | ᠰᠦᠪᠡᠭᠴᠢ ᠶᠢ ᠪᠠᠶᠢᠴᠠᠭᠠᠨ ᠲᠣᠳᠣᠯᠠᠬᠤ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ᠂ ᠣᠷᠣᠨ ᠪᠦᠰᠡ ᠠᠯᠤᠰᠯᠠᠨ | ᠬᠡᠷᠡᠭ ᠰᠢᠢᠳᠪᠦᠷᠢᠯᠡᠬᠦ ᠵᠡᠷᠭᠡ ᠠᠵᠢᠯ ᠤᠳ ᠢ ᠰᠠᠨᠠᠭᠠᠴᠢᠯᠠᠭ᠎ᠠ ᠠᠴᠠ ᠪᠠᠨ ᠥᠷᠨᠢᠭᠦᠯᠦᠨ᠎ᠡ᠃ ᠡᠭᠦᠨ ᠤ ᠬᠠᠮᠲᠤ᠂ | ᠬᠠᠮᠵᠢᠯᠴᠠᠭᠠᠨ ᠤ ᠠᠵᠢᠯᠯᠠᠭ᠎ᠠ ᠶᠢᠨ ᠨᠡᠪᠲᠡᠷᠡᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠡᠯ᠎ᠡ ᠵᠠᠰᠠᠭ ᠵᠠᠬᠢᠷᠭᠠᠨ ᠤ | ᠪᠠᠶᠢᠭᠤᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠴᠢᠬᠤᠯᠠ ᠠᠵᠢᠯ ᠤᠨ | ᠪᠠᠶᠢᠷᠢᠯᠠᠭᠤᠯᠤᠯᠲᠠ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ᠂ ᠴᠢᠬᠤᠯᠠ ᠶᠡᠭᠡ ᠬᠡᠷᠡᠭ | ᠶᠠᠪᠤᠳᠠᠯ ᠤᠨ ᠰᠢᠢᠳᠪᠦᠷᠢᠯᠡᠯᠲᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠵᠠᠷᠯᠠᠨ ᠮᠡᠳᠡᠭᠡᠯᠡᠬᠦ ᠶᠢ ᠴᠢᠩᠭᠠᠳᠬᠠᠨ᠎ᠠ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ | ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠶᠢᠨ ᠬᠤᠪᠢᠶᠠᠷᠢ ᠲᠥᠰᠥᠯ ᠢ ᠲᠣᠰ ᠲᠣᠰ ᠲᠤ ᠨᠢ | ᠨᠡᠶᠢᠲᠡᠯᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠭᠤᠣᠯᠳᠠᠯᠭ᠎ᠠ ᠲᠠᠢ ᠠᠰᠠᠭᠤᠳᠠᠯ ᠤᠳ ᠢ ᠴᠢᠩᠭ᠎ᠠ | ᠠᠩᠬᠠᠷᠴᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠠᠵᠢᠯᠯᠠᠬᠤ ᠠᠷᠭ᠎ᠠ ᠪᠠᠨ ᠨᠢᠭᠡᠳᠬᠡᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ | ᠠᠬᠢᠭᠤᠯᠤᠨ᠎ᠠ᠃ |