2023 ᠣᠨ ᠤ ᠳᠤᠮᠳᠠᠳᠤ ᠡᠸᠦ᠋ᠷᠦᠫᠡ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠪᠤᠭᠤᠲᠤ ᠬᠤᠳᠠ ᠳᠤ ᠶᠠᠪᠤᠭᠳᠠᠪᠠ ᠳ᠋ᠢᠩ ᠰᠢᠤ ᠹᠧᠩ ᠣᠷᠣᠯᠴᠠᠵᠤ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 15 ᠤ ᠡᠳᠦᠷ᠂ ᠪᠡᠭᠡᠵᠢᠩ ᠤᠨ ᠴᠢᠩᠬᠤᠸᠠ ᠠᠵᠤ ᠦᠢᠯᠡᠳᠪᠦᠷᠢ ᠶᠢᠨ ᠨᠡᠭᠡᠭᠡᠨ ᠬᠥᠭᠵᠢᠭᠦᠯᠦᠯᠲᠡ ᠶᠢᠨ ᠰᠤᠳᠤᠯᠭᠠᠨ ᠤ ᠬᠦᠷᠢᠶᠡᠯᠡᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ︵UNIDO︶ ᠠᠴᠠ ᠬᠠᠮᠲᠤᠷᠠᠨ ᠵᠢᠯᠤᠭᠤᠳᠴᠤ᠂ ᠤᠯᠠᠨ ᠤᠯᠤᠰ ᠤᠨ ᠤᠰᠤᠲᠥ᠋ᠷᠥᠭᠴᠢ ᠡᠨᠧᠷᠭᠢ ᠶᠢᠨ ᠲᠥᠪ ᠠᠴᠠ ᠭᠤᠣᠯᠯᠠᠨ ᠡᠷᠭᠢᠯᠡᠭᠰᠡᠨ 2023 ᠣᠨ ᠤ ᠳᠤᠮᠳᠠᠳᠤ ᠡᠸᠦ᠋ᠷᠦᠫᠡ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠪᠤᠭᠤᠲᠤ ᠬᠤᠳᠠ ᠳᠤ ᠶᠠᠪᠤᠭᠳᠠᠪᠠ᠃ ᠶᠠᠷᠢᠶᠠᠨ ᠤ ᠲᠠᠪᠴᠠᠩ ᠨᠢ ᠡᠨᠧᠷᠭᠢ ᠶᠢᠨ ᠠᠮᠤᠷ ᠲᠦᠪᠰᠢᠨ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠲᠡᠦᠬᠡᠨ ᠠᠵᠠ ᠲᠣᠭᠢᠶᠠᠯ ᠢ ᠠᠮᠵᠢᠵᠤ᠂ ᠳᠤᠮᠳᠠᠳᠤ ᠡᠸᠦ᠋ᠷᠦᠫᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠨᠡᠮᠡᠷᠢᠯᠡᠬᠦ ᠶᠢ ᠵᠣᠷᠢᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ᠃      ᠬᠤᠸᠠᠩ ᡁᠢ ᠴᠢᠶᠠᠩ ᠶᠠᠷᠢᠶᠠᠨ ᠤ ᠲᠠᠪᠴᠠᠩ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ 2023 ᠣᠨ ᠪᠣᠯ ᠥᠪᠥᠷ ᠮᠣᠩᠭᠤᠯ ᠤᠨ ᠪᠣᠬᠢᠷᠳᠤᠯ ᠦᠭᠡᠢ ᠤᠰᠤᠲᠥ᠋ᠷᠥᠭᠴᠢ ᠶᠢᠨ ᠬᠥᠭᠵᠢᠯᠲᠡ ᠶᠢᠨ ᠠᠩᠬᠠᠨ ᠤ ᠵᠢᠯ ᠪᠣᠯᠣᠨ᠎ᠠ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠰᠠᠶᠢᠲᠤᠷ ᠬᠥᠭᠵᠢᠭᠦᠯᠬᠦ ᠳᠤ ᠥᠪᠥᠷ ᠮᠣᠩᠭᠤᠯ ᠳᠤ ᠡᠯᠪᠡᠭ ᠪᠠᠶᠠᠯᠢᠭ ᠪᠣᠬᠢᠷᠳᠤᠯ ᠦᠭᠡᠢ ᠴᠠᠬᠢᠯᠭᠠᠨ ᠤ ᠡᠬᠢ ᠪᠠᠶᠠᠯᠢᠭ᠂ ᠬᠡᠷᠡᠭᠯᠡᠭᠡᠨ ᠤ ᠠᠬᠤᠢ ᠪᠠᠶᠢᠳᠠᠯ ᠪᠣᠯᠣᠨ ᠰᠠᠶᠢᠨ ᠰᠠᠶᠢᠬᠠᠨ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠲᠠᠢ ᠶᠤᠮ᠃ ᠡᠯ᠎ᠡ ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ ᠦᠢᠯᠡᠰ ᠪᠣᠰᠬᠠᠵᠤ᠂ ᠥᠪᠥᠷ ᠮᠣᠩᠭᠤᠯ ᠤᠨ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠪᠤᠵᠠᠭᠠᠶᠢᠷᠠᠨ ᠬᠥᠭᠵᠢᠬᠦ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠮᠠᠨ ᠤ ᠤᠯᠤᠰ ᠤᠨ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠳᠤ ᠬᠤᠪᠢ ᠨᠡᠮᠡᠷᠢ ᠦᠵᠡᠭᠦᠯᠭᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号