ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ  ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/4/18
     4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠤᠮᠳᠠ ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠵᠢᠱᠢᠶ᠎ᠡ ᠦᠵᠡᠭᠦᠯᠵᠦ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠶᠡᠷᠦᠩᠬᠡᠢ ᠱᠦᠵᠢ ᠶᠢᠨ ᠵᠠᠰᠠᠭ ᠤᠨ ᠠᠵᠢᠯ ᠬᠢᠭᠰᠡᠨ ᠥᠩᠭᠡᠷᠡᠯᠲᠡ ᠠᠴᠠ ᠶᠡᠷᠦᠩᠬᠡᠢ ᠱᠦᠵᠢ ᠶᠢᠨ ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ᠂ ᠠᠷᠠᠳ ᠲᠦᠮᠡᠨ ᠤ ᠲᠥᠯᠥᠭᠡ ᠭᠡᠬᠦ ᠴᠢᠩ ᠦᠨᠡᠨᠴᠢ ᠬᠠᠶᠢᠷ᠎ᠠ ᠰᠡᠳᠬᠢᠯᠭᠡ ᠪᠣᠯᠣᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠭᠠᠷᠮᠠᠭᠠᠢ ᠡᠷᠳᠡᠮ ᠠᠤᠭ᠎ᠠ ᠪᠣᠳᠣᠯᠭ᠎ᠠ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠡᠳᠬᠢᠯ ᠳᠡᠭᠡᠨ ᠰᠢᠩᠭᠡᠭᠡᠵᠦ᠂ ᠠᠵᠢᠯᠯᠠᠭᠠᠨ ᠳᠠᠭᠠᠨ ᠢᠯᠡᠷᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠦᠨᠡᠨ ᠬᠦ ᠬᠦᠴᠦ ᠣᠷᠣᠭᠤᠯᠵᠤ᠂ ᠭᠦᠨᠵᠡᠭᠡᠢ ᠬᠦᠴᠦ ᠣᠷᠣᠭᠤᠯᠵᠤ᠂ ᠪᠣᠳᠠᠲᠠᠢ ᠬᠦᠴᠦ ᠣᠷᠣᠭᠤᠯᠵᠤ ᠪᠠᠶᠢᠭᠠᠳ ︽ᠦᠵᠡᠯ ᠰᠠᠨᠠᠭ᠎ᠠ ᠶᠢ ᠰᠤᠷᠤᠯᠴᠠᠵᠤ︾᠂ ᠦᠨᠡᠨ ᠬᠦ ᠰᠤᠷᠤᠯᠴᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠵᠦ᠂ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ︽ᠨᠠᠮᠴᠢ ᠴᠢᠨᠠᠷ ᠢ ᠴᠢᠩᠭᠠᠳᠬᠠᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠶᠢ ᠨᠠᠰᠤᠨ ᠲᠤᠷᠰᠢᠲᠠ ᠶᠢᠨ ᠰᠡᠳᠦᠪ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠷᠦᠭᠦᠯᠡᠨ ᠴᠢᠩᠳᠠᠯᠠᠵᠤ᠂ ᠵᠠᠰᠠᠭ ᠤᠨ ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ᠂ ᠱᠠᠮᠰᠢᠵᠤ ᠢᠯᠵᠠᠷᠠᠬᠤ ᠶᠢ ᠠᠷᠢᠯᠭᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠬᠦᠨᠳᠦᠳᠬᠡᠬᠦ ᠰᠡᠳᠬᠢᠯᠭᠡ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠪᠠᠲᠤᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠥᠷᠢᠴᠡᠯ ᠪᠣᠯᠣᠨ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠲᠤᠯᠭᠠᠷᠠᠭᠰᠠᠨ ᠵᠥᠷᠢᠴᠡᠯ ᠪᠠ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ︽ᠠᠰᠠᠭᠤᠳᠠᠯ ᠢ ᠢᠯᠡᠷᠡᠭᠦᠯᠵᠦ︾᠂ ᠨᠠᠷᠢᠯᠢᠭ ᠣᠨᠣᠪᠴᠢᠲᠠᠢ ᠪᠠᠷ ︽ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠡᠬᠢ ᠦᠨᠳᠦᠰᠦ ᠠᠴᠠ ᠨᠢ ᠰᠢᠢᠳᠪᠦᠷᠢᠯᠡᠵᠦ᠂ ᠠᠵᠤ ᠦᠢᠯᠡᠰ ᠤᠨ ᠪᠦᠯᠦᠭᠵᠢᠯ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠨᠢᠭᠡ ᠪᠦᠯᠦᠭ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠪᠦᠲᠦᠭᠡᠵᠦ᠂ ︽ᠦᠢᠯᠡᠳᠦᠯᠭᠡ ᠶᠢ ᠴᠢᠬᠤᠯᠠᠴᠢᠯᠠᠬᠤ︾᠂ ︽ᠰᠢᠨ᠎ᠡ ᠭᠠᠪᠢᠶ᠎ᠠ ᠪᠠᠶᠢᠭᠤᠯᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃      ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ ᠬᠤᠷᠠᠯ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠲᠠᠭᠠᠨ ᠪᠠᠶᠢᠷᠢᠯᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号