ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ | ᠳᠡᠭᠡᠳᠦ ᠰᠤᠷᠭᠠᠭᠤᠯᠢ ᠶᠢᠨ ︽ᠤᠮᠠᠷᠠᠲᠤ ᠶᠢᠨ ᠡᠭᠦᠯᠡᠨ ᠬᠢᠴᠢᠶᠡᠯ ᠤᠨ ᠲᠠᠩᠬᠢᠮ︾ ᠳᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠲᠣᠬᠢᠷᠠᠭᠤᠯᠪᠠ᠃ 4 ᠳ᠋ᠦ᠋ᠭᠡᠷ ᠰᠠᠷ᠎ᠠ ᠶᠢᠨ | 13 ᠤ ᠡᠳᠦᠷ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ᠂ ᠲᠥᠪ ᠤᠨ ᠨᠠᠮ ᠤᠨ ᠰᠤᠷᠭᠠᠭᠤᠯᠢ ᠶᠢᠨ ᠳᠡᠳ᠋ | ᠰᠤᠷᠭᠠᠨ ᠬᠥᠮᠦᠵᠢᠯ ᠤᠨ ᠳᠠᠷᠤᠭ᠎ᠠ᠂ ᠭᠦᠨ ᠤᠬᠠᠭᠠᠨ ᠤ ᠬᠡᠯᠲᠡᠰ ᠤᠨ ᠡᠷᠬᠢᠯᠡᠭᠴᠢ᠂ ᠨᠢᠭᠡᠳᠦᠭᠡᠷ ᠳᠡᠰ ᠤᠨ | ᠫᠷᠣᠹᠧᠰᠰᠣᠷ ᠬᠠᠨ ᠴᠢᠩ ᠰᠢᠶᠠᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠷᠲᠢᠨᠴᠦ ᠶᠢᠨ | ᠦᠵᠡᠯᠲᠡ ᠠᠷᠭ᠎ᠠ ᠶᠢᠨ ᠤᠨᠤᠯ︾ ᠭᠡᠬᠦ ᠰᠡᠳᠦᠪ ᠢᠶᠠᠷ ᠠᠮᠢᠳᠤᠯᠢᠭ ᠪᠥᠭᠡᠳ ᠭᠦᠨᠵᠡᠭᠡᠢ ᠬᠠᠪᠰᠤᠷᠤᠨ ᠵᠢᠯᠤᠭᠤᠳᠴᠤ᠂ | ᠪᠦᠬᠦ ᠣᠷᠣᠨ ᠤ ᠠᠩᠬᠠᠳᠠᠭᠴᠢ ᠪᠦᠯᠦᠭ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ 161 ᠰᠠᠯᠠᠭ᠎ᠠ | ᠮᠥᠴᠢᠷ ᠨᠢᠭᠡᠴᠢ ᠠᠴᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ | ᠬᠠᠪᠰᠤᠷᠤᠨ ᠵᠢᠯᠣᠭᠤᠳᠤᠯᠭ᠎ᠠ ᠶᠢ ᠬᠦᠯᠢᠶᠡᠨ ᠠᠪᠴᠤ ᠰᠣᠨᠣᠰᠴᠠᠢ᠃ | ᠬᠠᠨ ᠴᠢᠩ ᠰᠢᠶᠠᠩ ᠫᠷᠣᠹᠧᠰᠰᠣᠷ ᠣᠨᠣᠯ ᠪᠠ ᠦᠢᠯᠡᠳᠦᠯᠭᠡ ᠲᠠᠢ ᠤᠶᠠᠯᠳᠤᠭᠤᠯᠤᠨ᠂ ︽ᠵᠢᠷᠭᠤᠭ᠎ᠠ ᠶᠢ | ᠡᠷᠬᠡᠪᠰᠢ ᠪᠠᠷᠢᠮᠲᠠᠯᠠᠬᠤ︾ ᠲᠤᠬᠠᠢ ᠭᠦᠨᠵᠡᠭᠡᠢ ᠲᠠᠶᠢᠯᠤᠮᠵᠢ ᠬᠢᠵᠦ᠂ ︽ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ | ᠲᠠᠨᠢᠯᠲᠠ ᠶᠢ ᠭᠦᠨ ᠤᠬᠠᠭᠠᠨ ᠤ ᠲᠦᠪᠰᠢᠨ ᠳᠤ ᠬᠦᠷᠭᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨ ᠤᠬᠠᠭᠠᠨ ᠤ ᠰᠢᠨ᠎ᠡ ᠠᠬᠤᠢ | ᠪᠠᠶᠢᠳᠠᠯ ᠢ ᠨᠡᠭᠡᠭᠡᠪᠠ︾᠂ ︽ᠠᠩᠬ᠎ᠠ ᠤᠳᠠᠭ᠎ᠠ ︿ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ﹀ ᠢᠶᠠᠷ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠳᠤ ᠠᠭᠤᠯᠤᠭᠳᠠᠵᠤ ᠪᠠᠶᠢᠭ᠎ᠠ ᠣᠭᠢ ᠲᠠᠯᠠᠰᠲᠤ ᠪᠠ ᠴᠢᠬᠤᠯᠠ ᠠᠭᠤᠯᠭ᠎ᠠ ᠶᠢ ᠠᠭᠰᠢᠭᠠᠨ | ᠬᠤᠷᠢᠶᠠᠩᠭᠤᠶᠢᠯᠠᠪᠠ︾᠂ ︽ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠡᠭᠦᠳᠦᠯᠲᠡ ᠶᠢ ᠪᠠᠭᠲᠠᠭᠠᠭᠰᠠᠨ ᠤᠨᠤᠯ ᠤᠨ ᠰᠢᠨ᠎ᠡ | ᠡᠭᠦᠳᠦᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠰᠡᠳᠬᠢᠮᠵᠢ ᠪᠠ | ᠪᠦᠳᠦᠭᠦᠪᠴᠢ ᠲᠥᠰᠥᠪ ᠭᠠᠷᠭᠠᠵᠤ ᠥᠭᠪᠡ︾ ᠭᠡᠬᠦ ᠭᠤᠷᠪᠠᠨ ᠲᠠᠯ᠎ᠠ ᠠᠴᠠ ᠨᠠᠮ ᠤᠨ ᠭᠡᠰᠢᠭᠦᠨ ᠺᠠᠳ᠋ᠷᠴᠤᠳ ᠲᠤ | ᠭᠦᠨᠵᠡᠭᠡᠢ ᠪᠥᠭᠡᠳ ᠰᠢᠰᠲ᠋ᠧᠮ ᠲᠠᠢ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ | ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠸᠠᠩ ᠴᠧᠩ ᠪᠢᠨ | ᠶᠡᠬᠡᠳᠡ ᠤᠷᠮ᠎ᠠ ᠵᠣᠷᠢᠭ ᠣᠷᠣᠭᠰᠠᠨ ᠪᠠᠶᠢᠨ᠎ᠠ᠃ ᠲᠡᠭᠦᠨ ᠤ ᠦᠵᠡᠬᠦ ᠪᠠᠷ᠂ ᠦᠨᠳᠦᠰᠦᠲᠡᠨ ᠤ ᠰᠡᠷᠭᠦᠨ ᠮᠠᠨᠳᠤᠯᠲᠠ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ᠂ ᠤᠨᠤᠯ ᠤᠨ | ᠭᠡᠷᠡᠯ ᠭᠢᠯᠪᠠᠭ᠎ᠠ ᠪᠠᠷ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠵᠦ᠂ ᠦᠵᠡᠯ ᠰᠠᠨᠠᠭᠠᠨ ᠤ ᠲᠤᠭ ᠲᠡᠮᠳᠡᠭ ᠢᠶᠠᠷ | ᠲᠡᠷᠢᠭᠦᠯᠡᠬᠦ ᠬᠥᠭᠵᠢᠯᠲᠡ ᠶᠢ ᠬᠥᠲᠥᠯᠥᠨ ᠵᠢᠯᠣᠭᠤᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠭᠢ ᠲᠠᠯᠠᠰᠲᠤ | ᠪᠣᠯᠣᠨ ᠠᠮᠢᠨ ᠰᠦᠨᠡᠰᠦ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠦᠨᠡᠨ ᠬᠦ ᠣᠶᠣᠨ ᠰᠠᠨᠠᠭ᠎ᠠ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ | ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠲᠡᠭᠡᠯ ᠬᠦᠰᠡᠯᠡᠩ ᠢᠶᠠᠨ ᠪᠠᠲᠤᠳᠬᠠᠵᠤ᠂ ᠨᠠᠮᠴᠢ | ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢ ᠠᠬᠢᠭᠤᠯᠬᠤ | ᠬᠦᠴᠦᠷᠬᠡᠭ ᠶᠡᠭᠡ ᠬᠦᠴᠦᠨ ᠪᠣᠯᠭᠠᠨ ᠤᠯᠠᠷᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ | ᠦᠨᠳᠦᠰᠦᠨ ᠱᠠᠲᠤ ᠪᠣᠯᠣᠨ ᠠᠵᠤ ᠠᠬᠤᠶᠢᠯᠠᠯ ᠳᠤ ᠦᠨᠡᠨ ᠪᠣᠳᠠᠲᠠᠢ ᠠᠵᠢᠯ ᠬᠢᠵᠦ᠂ ᠰᠢᠨ᠎ᠡ ᠴᠠᠭ ᠦᠶ᠎ᠡ ᠶᠢᠨ | ᠥᠪᠥᠷ ᠮᠣᠩᠭᠤᠯ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃ | ︽ᠬᠠᠨ ᠫᠷᠣᠹᠧᠰᠰᠣᠷ ᠤᠨ ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠠᠳ ᠭᠦᠨᠵᠡᠭᠡᠢ ᠰᠡᠩᠬᠡᠷᠡᠭᠦᠯᠦᠯ | ᠣᠯᠪᠠ᠂ ᠪᠢᠳᠡ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠦᠢᠯᠡᠳᠦᠯᠭᠡ ᠪᠣᠯᠭᠠᠨ ᠤᠯᠠᠷᠢᠭᠤᠯᠵᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ︿ᠳᠡᠭᠡᠳᠦ ᠬᠢᠵᠠᠭᠠᠷ﹀ ᠢ ᠬᠦᠴᠦᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠬᠢᠨᠠᠨ ᠬᠠᠮᠢᠶᠠᠷᠬᠤ ᠭᠠᠵᠠᠷ ᠤᠨ ᠳᠡᠳ᠋ ᠳᠠᠷᠤᠭ᠎ᠠ ᠯᠢᠦ ᠵᠢᠶᠠ ᠴᠢᠩ ᠬᠡᠯᠡᠪᠡ᠃ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ ᠰᠢᠤᠸᠠᠢ ᠵᠢᠩ ᠢᠯᠡᠷᠬᠡᠶᠢᠯᠡᠬᠦ ᠳᠤ ᠪᠠᠨ᠂ ᠤᠬᠠᠮᠰᠠᠷ ᠠᠴᠠ ᠪᠠᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ | ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ ᠪᠠ ᠪᠦᠬᠦ ᠲᠠᠯ᠎ᠠ ᠪᠠᠷ ᠲᠤᠭᠤᠰᠢᠯᠠᠭᠤᠯᠬᠤ | ᠲᠠᠯ᠎ᠠ ᠪᠠᠷ ᠬᠦᠴᠦ ᠲᠠᠯᠪᠢᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠵᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠪᠡ᠃ | ᠣᠳᠣᠬᠠᠨ ᠳᠤ᠂ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ ᠬᠤᠶᠠᠷ ᠬᠤᠭᠤᠴᠠᠭ᠎ᠠ | ᠶᠠᠪᠤᠭᠳᠠᠭᠤᠯᠤᠭᠰᠠᠨ ᠪᠠᠶᠢᠨ᠎ᠠ᠃ |