ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠪᠠ ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/4/20
     4 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠤ ᠭᠤᠣᠯ ᠬᠠᠷᠢᠭᠤᠴᠠᠯᠭᠠᠲᠠᠨ ᠨᠥᠬᠦᠳ ᠰᠢᠭᠤᠳ ᠭᠤᠣᠯ ᠰᠡᠳᠦᠪ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ᠂ ᠠᠰᠠᠭᠤᠳᠠᠯ ᠢ ᠶᠠᠷᠢᠵᠤ᠂ ᠠᠷᠭᠠᠴᠠᠭᠠᠬᠤ ᠪᠣᠳᠣᠯᠭ᠎ᠠ ᠳᠤᠷᠠᠳᠪᠠ᠃ ᠬᠤᠸᠠᠩ ᡁᠢ ᠴᠢᠶᠠᠩ᠂ ᠴᠢ᠊ ᠪᠠᠲᠤ᠂ ᠵᠧᠩ ᠭᠤᠸᠠᠩ ᠵᠣᠣ᠂ ᠶᠣᠣ ᠶᠦᠩ ᠪᠦᠸᠧ᠂ ᠳᠠᠶᠢᠴᠢᠨ᠂ ᠶᠠᠩ ᠶᠢᠨ ᠵᠠᠳᠠᠯᠤᠯᠲᠠ ᠪᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠡᠨᠡ ᠵᠢᠯ ᠠᠴᠠ ᠨᠠᠭᠠᠰᠢ ᠣᠷᠣᠨ ᠳᠠᠶᠠᠭᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠥᠪᠯᠡᠷᠡᠭᠦᠯᠦᠨ ᠬᠦᠴᠦᠯᠡᠵᠦ᠂ ᠠᠵᠤ ᠠᠬᠤᠢ ᠶᠢᠨ ᠬᠥᠭᠵᠢᠯᠲᠡ ᠰᠠᠭᠤᠷᠢ ᠲᠤᠭ᠎ᠠ ᠥᠨᠳᠥᠷ ᠪᠠᠶᠢᠭ᠎ᠠ ᠪᠠᠶᠢᠳᠠᠯ ᠳᠣᠣᠷ᠎ᠠ ︽ᠰᠠᠶᠢᠨ ᠡᠬᠢᠯᠡᠯᠲᠡ︾ ᠲᠠᠢ ᠪᠣᠯᠬᠤ ᠶᠢ ᠠᠬᠢᠭᠤᠯᠪᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠵᠤ᠂ ᠴᠥᠬᠦᠷᠡᠰᠢ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ ᠤᠨ ᠡᠭᠦᠷᠭᠡ ᠶᠢ ᠪᠠᠲᠤ ᠡᠵᠡᠮᠳᠡᠵᠦ᠂ ᠯᠠᠪᠳᠠᠭᠤᠨ ᠡᠬᠢᠯᠡᠭᠦᠯᠦᠨ ᠠᠮᠵᠢᠯᠲᠠ ᠲᠠᠢ ᠠᠬᠢᠭᠤᠯᠬᠤ ᠢᠲᠡᠭᠡᠯ ᠵᠣᠷᠢᠭ ᠢᠶᠠᠨ ᠴᠢᠩᠭᠠᠳᠬᠠᠵᠤ᠂ ᠬᠠᠭᠠᠰ ᠵᠢᠯ ᠤᠨ ᠠᠮᠵᠢᠯᠲᠠ ᠪᠦᠲᠦᠮᠵᠢ ᠶᠢ ᠪᠠᠲᠤ ᠡᠵᠡᠮᠳᠡᠵᠦ᠂ ᠪᠦᠭᠦ ᠵᠢᠯ ᠤᠨ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠵᠤ ᠦᠢᠯᠡᠰ ᠤᠨ ᠲᠥᠯᠦᠪᠵᠢᠭᠦᠯᠭᠡ ᠶᠢ ᠠᠳᠬᠤᠵᠤ᠂ 8 ᠶᠡᠭᠡ ᠠᠵᠤ ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠦᠷᠭᠡᠳᠬᠡᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠡᠨᠡ ᠵᠢᠯ ᠤᠨ ᠲᠥᠯᠥᠪᠯᠡᠭᠰᠡᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠭᠦᠨ ᠢ ᠠᠵᠢᠯ ᠡᠬᠢᠯᠡᠭᠦᠯᠬᠦ ᠪᠠᠷ ᠴᠢᠷᠮᠠᠶᠢᠵᠤ᠂ ᠨᠠᠩ ᠣᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ᠃ ᠭᠠᠶᠢᠯᠢ ᠶᠢᠨ ᠢᠷᠡᠯᠲᠡ ᠶᠢ ᠪᠤᠢ ᠪᠣᠯᠭᠠᠬᠤ ᠶᠢ ᠠᠳᠬᠤᠵᠤ᠂ ᠨᠡᠩ ᠤᠯᠠᠨ ᠭᠠᠶᠢᠯᠢ ᠲᠤᠰᠢᠶᠠᠬᠤ ᠭᠤᠣᠯ ᠴᠣᠭᠴᠠ ᠶᠢ ᠪᠤᠶᠢᠵᠢᠭᠤᠯᠵᠤ᠂ ︽ᠭᠤᠭᠤᠵᠢᠵᠤ ᠭᠡᠭᠡᠭᠳᠡᠬᠦ︾ ᠠᠴᠠ ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠳᠬᠤᠵᠤ᠂ ᠨᠢᠭᠡᠨᠲᠡ ᠲᠣᠭᠲᠠᠭᠠᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠯᠵᠢᠶᠠᠴᠢᠨ ᠤᠷᠢᠬᠤ ᠪᠠ ᠠᠵᠢᠯ ᠣᠯᠭᠤᠬᠤ ᠠᠵᠢᠯ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠬᠥᠮᠥᠰ  ᠲᠤ ᠬᠦᠷᠲᠡᠭᠡᠬᠦ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢ ᠠᠳᠬᠤᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠡᠷᠭᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠠᠪᠰᠤᠷᠤᠨ ᠰᠢᠢᠳᠪᠦᠷᠢᠯᠡᠭᠦᠯᠬᠦ ᠪᠠᠷ ᠳᠡᠪᠰᠢᠭᠦᠯᠦᠭᠰᠡᠨ ᠵᠦᠢᠯᠡᠰ ᠲᠤ ᠢᠳᠡᠪᠬᠢᠲᠡᠢ ᠬᠠᠷᠢᠭᠤᠯᠲᠠ ᠥᠭᠴᠦ᠂ ᠠᠷᠭ᠎ᠠ ᠬᠡᠮᠵᠢᠶ᠎ᠡ ᠠᠪᠴᠤ᠂ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号