2023 ᠣᠨ ᠤ ᠪᠦᠬᠦ ᠣᠷᠣᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠬᠢᠯᠡᠪᠡ ᠴᠢ᠊ ᠪᠠᠲᠤ ᠣᠷᠣᠯᠴᠠᠵᠠᠢ
ᠨᠡᠶᠢᠲᠡᠯᠡᠭᠰᠡᠨ ᠴᠠᠭ᠄
2023/4/21
     4 ᠳ᠋ᠦ᠋ᠭᠡᠷ ᠰᠠᠷ᠎ᠠ ᠶᠢᠨ 20 ᠤ ᠡᠳᠦᠷ᠂ ᠪᠥᠬᠦ ᠣᠷᠣᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠳᠤ ᠵᠢᠩᠬᠢᠨᠢ ᠪᠠᠷ ᠡᠬᠢᠯᠡᠵᠦ᠂ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠡᠮᠴᠢᠯᠡᠭᠡᠨ ᠤ ᠪᠠᠭ ᠢ ᠵᠣᠬᠢᠶᠠᠨ ᠪᠠᠶᠢᠭᠤᠯᠤᠨ ᠪᠥᠬᠦ ᠣᠷᠣᠨ ᠤ ᠡᠯ᠎ᠡ ᠭᠠᠵᠠᠷ ᠲᠤ ᠭᠦᠨᠵᠡᠭᠡᠶᠢᠷᠡᠨ ᠬᠠᠷᠠᠭᠠᠨ ᠤ ᠰᠢᠭᠰᠢᠨ ᠪᠠᠶᠢᠴᠠᠭᠠᠯᠲᠠ ᠬᠢᠬᠦ ᠂ ᠮᠡᠰᠡ ᠵᠠᠰᠠᠯ ᠬᠢᠬᠦ᠂ ᠠᠪᠤᠷᠠᠨ ᠲᠤᠰᠠᠯᠠᠬᠤ ᠵᠡᠷᠭᠡ ᠠᠵᠢᠯ ᠢ ᠥᠷᠨᠢᠭᠦᠯᠬᠦ ᠪᠠᠷ ᠪᠣᠶ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠭᠰᠠᠨ ᠪᠥᠭᠡᠳ ᠡᠮᠴᠢᠯᠡᠭᠡᠨ ᠤ ᠪᠠᠭ ᠲᠤ ᠲᠤᠭ ᠣᠯᠭᠤᠵᠠᠢ᠃      ᠲᠠᠨᠢᠯᠴᠠᠭᠤᠯᠤᠭᠰᠠᠨ ᠢᠶᠠᠷ᠂ ᠲᠣᠰ ᠠᠵᠢᠯᠯᠠᠭ᠎ᠠ ᠶᠢ 2015 ᠣᠨ ᠳᠤ ᠡᠬᠢᠯᠡᠭᠦᠯᠵᠦ᠂ 2022 ᠣᠨ ᠤ ᠡᠴᠦᠰ ᠪᠣᠯᠲᠠᠯ᠎ᠠ᠂ ᠴᠠᠭᠠᠨ ᠬᠠᠷᠠᠩ ᠵᠡᠷᠭᠡ ᠨᠢᠳᠦᠨ ᠤ ᠡᠪᠡᠳᠴᠢᠨ ᠲᠠᠢ 115 ᠲᠦᠮᠡ ᠭᠠᠷᠤᠢ ᠡᠪᠡᠳᠴᠢᠲᠡᠨ ᠢ ᠰᠢᠭᠰᠢᠨ ᠪᠠᠶᠢᠴᠠᠭᠠᠵᠤ᠂ ᠠᠮᠢᠳᠦᠷᠠᠯ ᠨᠢ ᠬᠦᠴᠢᠷᠳᠡᠯ ᠲᠠᠢ ᠴᠠᠭᠠᠨ ᠬᠠᠷᠠᠩ ᠡᠪᠡᠳᠴᠢᠲᠡᠨ ᠳᠤ ᠬᠠᠷᠠᠭ᠎ᠠ ᠰᠡᠷᠭᠦᠭᠡᠬᠦ ᠦᠨ᠎ᠡ ᠲᠥᠯᠥᠪᠦᠷᠢ ᠦᠭᠡᠢ ᠮᠡᠰᠡ ᠵᠠᠰᠠᠯ ᠢ 34928 ᠤᠳᠠᠭ᠎ᠠ ᠬᠢᠵᠦ ᠥᠭᠴᠡᠢ︔ ᠬᠡᠦᠬᠡᠳ ᠪᠠᠭᠠᠴᠤᠳ ᠤᠨ ᠨᠢᠳᠦ ᠬᠠᠮᠠᠭᠠᠯᠠᠬᠤ ᠠᠵᠢᠯᠯᠠᠭ᠎ᠠ ᠳᠤ ᠨᠡᠶᠢᠲᠡ 205 ᠲᠦᠮᠡ ᠭᠠᠷᠤᠢ ᠬᠡᠦᠬᠡᠳ ᠤᠨ ᠬᠠᠷᠠᠭ᠎ᠠ ᠶᠢ ᠰᠢᠭᠰᠢᠨ ᠪᠠᠶᠢᠴᠠᠭᠠᠵᠤ᠂ 4403 ᠬᠡᠦᠬᠡᠳ ᠲᠤ ᠨᠢᠳᠦᠨ ᠰᠢᠯ ᠲᠠᠭᠠᠷᠠᠭᠤᠯᠤᠨ ᠥᠭᠴᠦ᠂ ᠬᠢᠯᠠᠷ ᠬᠠᠷᠠᠭ᠎ᠠ ᠲᠠᠢ 589 ᠬᠡᠦᠬᠡᠳ ᠲᠤ ᠬᠠᠷᠠᠭ᠎ᠠ ᠵᠠᠰᠠᠬᠤ ᠮᠡᠰᠡ ᠵᠠᠰᠠᠯ ᠬᠢᠵᠦ᠂ ᠮᠠᠰᠢ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号