ᠥᠪᠡᠷᠲᠡᠭᠡᠨ ᠵᠠᠰᠠᠬᠤ ᠣᠷᠣᠨ 2023 ᠣᠨ ᠤ ᠠᠩᠬᠠᠳᠤᠭᠠᠷ ᠬᠤᠭᠤᠴᠠᠭᠠᠨ ᠤ ᠴᠠᠭ ᠤᠨ ᠪᠠᠶᠢᠳᠠᠯ ᠪᠠ ᠲᠦᠷᠦ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠵᠡᠢ
ᠨᠡᠶᠢᠲᠡᠯᠡᠭᠰᠡᠨ ᠴᠠᠭ᠄
2023/4/21
     4 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ 2023 ᠣᠨ ᠤ ᠠᠩᠬᠠᠳᠤᠭᠠᠷ ᠬᠤᠭᠤᠴᠠᠭᠠᠨ ᠤ ᠴᠠᠭ ᠤᠨ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠠᠶᠢᠯᠤᠮᠵᠢ ᠬᠢᠬᠦ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃      ᠬᠤᠸᠠᠩ ᡁᠢ ᠴᠢᠶᠠᠩ ᠬᠡᠯᠡᠬᠦ ᠳᠤ ᠪᠠᠨ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠠᠨᠠᠭ᠎ᠠ ᠨᠢ ᠭᠦᠨᠵᠡᠭᠡᠢ᠂ ᠪᠦᠲᠦᠴᠡ ᠨᠢ ᠰᠢᠨ᠎ᠡ᠂ ᠠᠭᠤᠯᠭ᠎ᠠ ᠨᠢ ᠪᠣᠳᠠᠲᠠᠢ᠂ ᠬᠡᠪ ᠨᠠᠮᠪᠠᠭ᠎ᠠ ᠨᠢ ᠥᠪᠡᠷᠮᠢᠴᠡ ᠪᠠᠶᠢᠵᠤ᠂ ᠥᠩᠭᠡᠷᠡᠭᠰᠡᠨ ᠲᠠᠪᠤᠨ ᠵᠢᠯ ᠳᠤ ᠣᠯᠣᠭᠰᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠷᠭᠢᠴᠡᠭᠦᠯᠦᠭᠰᠡᠨ ᠢᠶᠠᠷ ᠪᠠᠷᠠᠬᠤ ᠦᠭᠡᠢ ᠨᠢᠳᠤᠨᠤᠨ ᠤ ᠥᠷᠨᠢᠭᠦᠯᠦᠭᠰᠡᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠲᠤᠪᠤᠶᠢᠯᠭᠠᠵᠦ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠶᠡᠷᠦᠩᠬᠡᠢ ᠵᠢᠷᠤᠮᠯᠠᠯ ᠪᠠ ᠵᠣᠷᠢᠯᠲᠠ ᠪᠣᠯᠬᠤ ᠪᠠᠷ ᠪᠠᠷᠠᠬᠤ ᠦᠭᠡᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠪᠢᠴᠢᠭ ᠪᠠᠶᠢᠵᠤ᠂ ᠬᠥᠮᠥᠰ ᠤᠨ ᠣᠶᠣᠨ ᠰᠡᠳᠬᠢᠯ ᠢ ᠨᠢᠭᠲᠠᠷᠠᠭᠤᠯᠤᠨ᠂ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠬᠦᠴᠦᠯᠡᠨ ᠴᠢᠷᠮᠠᠶᠢᠬᠤ ᠡᠷᠴᠢ ᠵᠣᠷᠢᠭ᠂ ᠴᠠᠭ ᠢ ᠠᠮᠵᠢᠬᠤ ᠬᠦᠭ ᠠᠶᠢᠵᠠᠮ ᠢᠶᠠᠷ ᠤᠷᠤᠭᠰᠢᠯᠠᠨ ᠳᠠᠪᠰᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠠᠶᠢᠮᠠᠭ ᠬᠤᠲᠠ ᠬᠦᠷᠲᠡᠯ᠎ᠡ ᠶᠠᠪᠤᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号