ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠭᠤᠣᠯ ᠰᠡᠳᠡᠪᠲᠦ ᠬᠥᠮᠥᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2023/4/25
     ᠣᠶᠢᠷ᠎ᠠ ᠶᠢᠨ ᠡᠳᠦᠷ᠂ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠵᠦ᠂ ᠨᠠᠮᠴᠢ ᠴᠢᠨᠠᠷ ᠢ ᠴᠢᠩᠭᠠᠳᠬᠠᠵᠦ᠂ ᠦᠢᠯᠡᠳᠦᠯᠭᠡ ᠶᠢ ᠴᠢᠬᠤᠯᠠᠴᠢᠯᠠᠵᠦ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠴᠢᠩᠭ᠎ᠠ ᠤᠨᠢᠯᠵᠦ᠂ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠣᠨᠳᠣᠣᠰᠢᠭᠤᠯᠵᠤ᠂ ᠰᠢᠨ᠎ᠡ ᠳᠦᠷᠰᠦ ᠪᠠᠶᠢᠳᠠᠯ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠢᠶᠠᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠣᠭᠤᠷᠢᠨ ᠵᠢᠯᠤᠭᠤᠳᠬᠤ ᠳᠤᠭᠤᠶᠢᠯᠠᠩ ᠲᠤᠰ ᠲᠤᠰ ᠬᠤᠷᠠᠯ ᠳᠤ ᠣᠷᠣᠯᠴᠠᠵᠦ ᠵᠢᠭᠠᠨ ᠵᠢᠯᠣᠭᠤᠳᠪᠠ᠃      ᠥᠪᠥᠷ ᠮᠣᠩᠭᠤᠯ ᠤᠨ ᠶᠡᠭᠡ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠪᠦᠬᠦ ᠰᠤᠷᠭᠠᠭᠤᠯᠢ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠢ ᠤᠶᠠᠯᠳᠤᠭᠤᠯᠵᠤ᠂ ᠤᠨᠤᠯ ᠰᠤᠷᠤᠯᠴᠠᠬᠤ᠂ ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠬᠠᠷᠢᠯᠴᠠᠨ ᠨᠠᠪᠲᠠᠷᠡᠯᠴᠠᠭᠦᠯᠵᠦ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠬᠢᠨᠠᠮᠠᠭᠠᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠰᠤᠷᠭᠠᠭᠤᠯᠢ ᠶᠢᠨ ᠴᠢᠨᠠᠷ ᠰᠠᠶᠢᠲᠠᠢ ᠠᠭᠤᠯᠬᠤᠨ ᠲᠠᠢ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠭᠤᠣᠯ ᠰᠡᠳᠦᠪᠲᠦ ᠰᠤᠷᠭᠠᠨ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠰᠤᠷᠭᠠᠭᠤᠯᠢ ᠶᠢᠨ ᠭᠤᠣᠯ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ︽ᠤᠯᠤᠰ ᠤᠨ ᠶᠡᠭᠡ ᠶᠠᠪᠤᠳᠠᠯ︾  ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠪᠦᠯᠦᠭᠵᠢᠯ ᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠷᠭᠡᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠪᠠ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠳᠤ ᠴᠢᠳᠠᠪᠤᠷᠢᠲᠠᠨ ᠤ ᠪᠠᠲᠤᠯᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠰᠤᠷᠭᠠᠭᠤᠯᠢ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠵᠤ᠂ ᠰᠤᠷᠭᠠᠭᠤᠯᠢ ᠶᠢᠨ ︽131467︾ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ ᠪᠣᠳᠠᠲᠠᠢ ᠦᠷ᠎ᠡ ᠪᠦᠲᠦᠮᠵᠢ ᠪᠣᠯᠭᠠᠨ ᠣᠨᠳᠣᠣᠰᠢᠭᠤᠯᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠣᠨᠳᠣᠣᠰᠢᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠭᠠᠭᠤᠯᠢ ᠳᠤ ᠴᠡᠴᠡᠭᠯᠡᠭᠦᠯᠦᠨ ᠵᠢᠮᠢᠰᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃      ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠪᠦᠬᠦ ᠰᠤᠷᠭᠠᠭᠤᠯᠢ ᠶᠢᠨ ᠳᠣᠣᠷᠠᠳᠤ ᠳᠡᠭᠡᠳᠦ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ  ᠯᠦᠭᠡ ᠤᠶᠠᠯᠳᠤᠭᠤᠯᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ ᠵᠡᠷᠭᠡ ᠰᠤᠷᠭᠠᠭᠤᠯᠢ ᠶᠢᠨ ᠭᠤᠣᠯ ᠠᠵᠢᠯ ᠪᠣᠯᠣᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠯᠤᠭ᠎ᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠣᠯᠬᠤ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠲᠡᠭᠦᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠡᠨ ᠬᠦ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠵᠦ᠂ ᠭᠤᠣᠯ ᠰᠡᠳᠦᠪᠲᠦ ᠬᠥᠮᠦᠵᠢᠯ ᠢ ᠡᠷᠡᠰ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠭᠤᠣᠯ ᠡᠭᠦᠷᠭᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃      ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠭᠤᠣᠯ ᠰᠡᠳᠦᠪᠲᠦ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠠᠳᠬᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠰᠤᠷᠭᠠᠭᠤᠯᠢ ᠶᠢᠨ ᠭᠤᠣᠯ ᠠᠵᠢᠯ ᠪᠣᠯᠣᠨ ᠭᠤᠣᠯᠳᠠᠯᠭ᠎ᠠ  ᠲᠠᠢ ᠡᠭᠦᠷᠭᠡ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠵᠦ᠂ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠲᠤᠭᠤᠰᠢᠯᠠᠭᠤᠯᠵᠤ᠂ ᠪᠣᠳᠠᠲᠠᠢ ᠠᠵᠢᠯᠯᠠᠵᠦ ᠲᠡᠷᠢᠭᠦᠨ ᠤ ᠪᠣᠯᠬᠤ ᠪᠠᠷ ᠴᠢᠷᠮᠠᠶᠢᠬᠤ᠂ ᠬᠥᠭᠵᠢᠯᠲᠡ ᠶᠢ ᠠᠬᠢᠭᠤᠯᠬᠤ ᠶᠢ ᠢᠮᠠᠭᠲᠠ ᠲᠤᠭᠤᠰᠢᠯᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠢᠮᠠᠭᠲᠠ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠬᠦᠴᠦᠲᠡᠢ ᠡᠮᠬᠢ ᠵᠢᠷᠦᠮ ᠲᠠᠢ ᠪᠦᠲᠦᠮᠵᠢᠲᠡᠢ ᠠᠬᠢᠭᠤᠯᠵᠤ᠂ ᠪᠠᠭᠰᠢ ᠰᠤᠷᠤᠭᠴᠢᠳ ᠤᠨ ᠰᠡᠳᠬᠢᠯ ᠬᠠᠨᠤᠮᠵᠢᠲᠠᠢ ᠠᠮᠵᠢᠯᠲᠠ ᠪᠦᠲᠦᠮᠵᠢ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号