ᠯᠢᠨᠰᠢ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᡂᠢ ᠶᠠ ᠯᠢᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠯᠠᠨ ᠲᠢᠶᠠᠨ ᠪᠦᠯᠦᠭᠯᠡᠯ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/25
     4 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠯᠢᠨᠰᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠳᠠᠷᠤᠭ᠎ᠠ ‍ᠤᠤᠢ ᠶᠠ ᠯᠢᠩ ᠪᠦᠯᠬᠦᠮ ᠳᠠᠭᠠᠭᠤᠯᠤᠨ᠂ ᠬᠠᠩᠵᠧᠦ ᠬᠤᠲᠠ ᠶᠢᠨ ᠪᠢᠨᠵᠢᠶᠠᠩ ᠲᠣᠭᠤᠷᠢᠭ ᠤᠨ ᠯᠠᠨ ᠲᠢᠶᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠨ᠂ ᠹᠯᠣᠷ ᠤᠨ ᠬᠢᠮᠢ ᠶᠢᠨ ᠠᠵᠤ ᠦᠢᠯᠡᠰ ᠤᠨ ᠲᠥᠷᠥᠯ ᠵᠦᠢᠯ ᠢ ᠵᠣᠯᠭᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠰᠢᠶᠤᠤ ᠪᠥᠸᠧ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠴᠢᠩ ᠬᠤᠶ᠂ ᠰᠢᠶᠠᠨ ᠤ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠬᠠᠷᠢᠭᠤᠴᠠᠯᠭᠠᠲᠠᠳ ᠬᠠᠮᠲᠦ ᠣᠷᠣᠯᠴᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号