ᠮᠠᠨ ᠤ ᠤᠯᠤᠰ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠬᠦ ᠶᠢ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2023/4/26
     4 ᠳ᠋ᠦ᠋ᠭᠡᠷ ᠰᠠᠷ᠎ᠠ ᠶᠢᠨ 25 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠠᠷᠤᠭ᠎ᠠ ᠸᠠᠩ ᠭᠤᠸᠠᠩ ᠬᠤᠸᠠ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠤᠷᠠᠯ ᠳᠡᠭᠡᠷ᠎ᠡ᠂ ᠮᠠᠨ ᠤ ᠤᠯᠤᠰ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠬᠦ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠢ ᠵᠠᠷᠯᠠᠨ ᠨᠠᠶᠢᠳᠡᠯᠡᠪᠡ᠃      ᠡᠨᠡ ᠨᠢ ᠠᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠲᠠᠷᠠᠬᠠᠢ ᠪᠤᠲᠠᠷᠬᠠᠢ ᠪᠠᠶᠢᠭᠰᠠᠨ ᠠᠴᠠ ᠨᠢᠭᠡᠳᠦᠯᠲᠡᠢ ᠪᠣᠯᠭᠠᠵᠤ᠂ ᠬᠤᠲᠠ ᠶᠢᠨ ᠭᠡᠷ ᠪᠠᠶᠢᠰᠢᠩ ᠠᠴᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ᠂ ᠥᠯᠥ ᠬᠥᠳᠡᠯᠬᠦ ᠬᠥᠷᠥᠩᠭᠡ ᠠᠴᠠ ᠪᠠᠶᠢᠭᠠᠯᠢ ᠶᠢᠨ ᠡᠬᠢ ᠪᠠᠶᠠᠯᠢᠭ ᠬᠦᠷᠲᠡᠯ᠎ᠡ᠂ ᠪᠣᠶ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠤᠷᠴᠤ᠂ ᠪᠦᠬᠦ᠋ᠢᠯᠡ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠶᠢ ᠬᠠᠮᠤᠷᠤᠭᠰᠠᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃      ᠮᠠᠨ ᠤ ᠤᠯᠤᠰ ᠢᠷᠭᠡᠨ ᠤ ᠬᠠᠤᠯᠢ ᠶᠢᠨ ᠪᠢᠴᠢᠭ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ᠢᠶᠠᠷ ᠭᠤᠣᠯ ᠪᠣᠯᠭᠠᠵᠤ᠂ ᠬᠡᠷᠡᠭᠵᠢᠭᠦᠯᠬᠦ ᠨᠠᠷᠢᠨ ᠳᠦᠷᠢᠮ᠂ ᠠᠵᠢᠯᠯᠠᠭᠠᠨ ᠤ ᠵᠢᠷᠤᠮᠵᠢᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠵᠡᠷᠭᠡ ᠪᠠᠷ ᠢᠵᠢ ᠪᠦᠷᠢᠳᠦᠭᠦᠯᠦᠨ ᠲᠤᠯᠭᠠᠭᠤᠷᠢᠯᠠᠭᠰᠠᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠶᠢᠨ ᠳᠦᠷᠢᠮ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠭᠰᠡᠨ ᠪᠠᠶᠢᠨ᠎ᠠ᠃      2013 ᠣᠨ ᠤ 3 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠪᠠᠶᠢᠭᠤᠯᠤᠮᠵᠢ ᠪᠠᠶᠢᠭᠤᠯᠬᠤ ᠪᠠᠷ ᠲᠣᠭᠲᠠᠵᠤ᠂ ᠣᠯᠠᠨ ᠰᠠᠯᠠᠭ᠎ᠠ ᠮᠥᠴᠢᠷ ᠲᠤ ᠲᠠᠷᠬᠠᠵᠤ ᠪᠠᠶᠢᠭᠰᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠳᠠᠩᠰᠠᠯᠠᠬᠤ ᠪᠠᠶᠢᠭᠤᠯᠤᠮᠵᠢ᠂ ᠳᠠᠩᠰᠠᠯᠠᠬᠤ ᠳᠡᠪᠲᠡᠷ᠂ ᠳᠠᠩᠰᠠᠯᠠᠬᠤ ᠦᠨᠳᠦᠰᠦᠯᠡᠯ ᠪᠠ ᠮᠡᠳᠡᠭᠡ ᠵᠠᠩᠭᠢ ᠶᠢᠨ ᠲᠠᠪᠴᠠᠩ ︽ᠳᠥᠷᠪᠡ ᠶᠢ ᠨᠢᠭᠡᠳᠬᠡᠬᠦ︾ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠪᠠᠷ ᠳᠤᠷᠠᠳᠤᠨ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号