ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/4/7
     4 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠴᠢᠭᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠪᠡ᠃      ᠸᠠᠩ ᠯᠢ ᠰᠢᠶᠠ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ ᠵᠣᠭᠰᠤᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠪᠠᠶᠢᠬᠤ ᠶᠢ ᠪᠠᠲᠤ ᠴᠡᠭᠡᠵᠢᠯᠡᠵᠦ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠳᠦᠷᠢᠮ ᠤᠨ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠵᠤ᠂ ᠱᠠᠭᠠᠷᠳᠠᠯᠭ᠎ᠠ ᠶᠢ ᠴᠢᠩᠳᠠᠯᠠᠵᠤ᠂ ᠴᠢᠩᠭ᠎ᠠ ᠪᠠᠶᠢᠬᠤ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠤᠨᠤᠯ ᠢᠶᠠᠷ ᠵᠡᠪᠰᠡᠭᠯᠡᠬᠦ ᠲᠠᠯ᠎ᠠ ᠪᠠᠷ ᠦᠨᠡᠨ ᠬᠦ ᠰᠤᠷᠤᠯᠴᠠᠵᠤ᠂ ᠦᠨᠡᠨ ᠬᠦ ᠢᠲᠡᠭᠡᠵᠦ᠂ ᠦᠨᠡᠨ ᠬᠦ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠂ ᠭᠦᠢᠴᠡᠳᠬᠡᠬᠦ ᠬᠦᠴᠦᠨ ᠲᠠᠢ ᠪᠠᠶᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠠᠴᠠ ᠡᠬᠢᠯᠡᠨ ᠠᠳᠬᠤᠵᠤ᠂ ᠡᠬᠢᠯᠡᠨ ᠬᠢᠵᠦ᠂ ᠴᠢᠩᠭ᠎ᠠ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠴᠢᠩᠭ᠎ᠠ ᠪᠠᠶᠢᠬᠤ ᠦᠨᠳᠦᠰᠦᠨ ᠬᠦᠭ ᠠᠶᠠᠰ᠂ ᠴᠢᠩᠭ᠎ᠠ ᠬᠠᠳᠠᠭᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠢᠮᠠᠭᠲᠠ ᠪᠠᠲᠤᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠲᠦᠷᠪᠡᠨ ᠰᠤᠷᠲᠠᠯ︾ ᠢ ᠪᠠᠶᠢᠩᠭᠤ ᠪᠦᠲᠦᠮᠵᠢᠲᠡᠢ ᠵᠠᠯᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠡᠨᠧᠷᠭᠢ᠂ ᠣᠯᠠᠨ ᠨᠡᠶᠢᠲᠡ ᠶᠢᠨ ᠪᠡᠯᠡ ᠮᠦᠩᠭᠦ᠂ ᠣᠯᠠᠨ ᠨᠡᠶᠢᠲᠡ ᠶᠢᠨ ᠡᠬᠢ ᠪᠠᠶᠠᠯᠢᠭ᠂ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠶᠡᠭᠡ ᠬᠦᠴᠦ ᠣᠷᠣᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠦᠨᠡᠨ ᠬᠦ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠴᠢᠳᠠᠮᠠᠭᠠᠢ ᠪᠠᠶᠢᠬᠤ᠂ ᠦᠨᠡᠨ ᠬᠦ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠳᠠᠭᠠᠨ ᠴᠢᠳᠠᠮᠠᠭᠠᠢ ᠪᠠᠶᠢᠬᠤ᠂ ᠦᠨᠡᠨ ᠬᠦ ᠠᠷᠢᠭᠤᠨ ᠴᠢᠬᠡᠴᠢ ᠪᠠᠶᠢᠬᠤ ᠂ ᠥᠪᠡᠷ ᠢᠶᠠᠨ ᠬᠠᠲᠠᠭᠤ ᠪᠠᠶᠢᠬᠤ ᠶᠢ ᠪᠡᠶᠡᠯᠡᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠣᠤ ᠂ ᠶᠤᠤ ᠶᠦᠩ ᠪᠥᠸᠧ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ᠂ ᠶᠠᠩ ᠵᠢᠶᠧ᠂ ᠰᠦᠨ ᠵᠢᠶᠦ᠋ᠨ ᠴᠢᠩ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号