ᠮᠠᠨ ᠤ ᠣᠷᠣᠨ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠭᠠᠷᠭᠠᠵᠤ ᠢᠳᠡᠭᠡᠨ ᠤᠮᠳᠠᠭᠠᠨ ᠪᠦᠷᠢᠯᠭᠡᠬᠦ ᠶᠢ ᠬᠤᠷᠢᠭᠯᠠᠵᠤ ᠪᠣᠢ
ᠨᠡᠶᠢᠲᠡᠯᠡᠭᠰᠡᠨ ᠴᠠᠭ᠄
2023/4/7
     ︽ᠪᠢᠳᠡᠨ ᠳᠤ ᠦᠯᠦ ᠪᠦᠷᠢᠯᠭᠡᠬᠦ ᠠᠵᠢᠯᠯᠠᠭ᠎ᠠ ᠶᠢᠨ ᠰᠠᠨᠠᠭᠠᠴᠢᠯᠠᠭᠴᠢ ᠪᠤᠢ᠂ ᠢᠳᠡᠭᠡᠨ ᠢ ᠪᠦᠷᠢᠯᠭᠡᠨ ᠰᠦᠢᠳᠬᠡᠬᠦ ᠰᠡᠷᠡᠮᠵᠢ ᠶᠢᠨ ᠦᠭᠡ ᠶᠢ ᠢᠯᠡ ᠭᠠᠵᠠᠷ ᠲᠤ ᠲᠠᠯᠪᠢᠬᠤ ᠶᠢᠨ ᠬᠠᠮᠲᠤ ᠬᠡᠷᠡᠭᠯᠡᠭᠴᠢᠳ ᠲᠤ ᠲᠣᠬᠢᠷᠠᠮᠵᠢᠲᠠᠢ ᠪᠠᠷ ᠬᠤᠭᠤᠯᠠ ᠵᠠᠬᠢᠶᠠᠯᠠᠬᠤ ᠶᠢ ᠰᠠᠨᠠᠭᠤᠯᠵᠦ ᠪᠠᠶᠢᠨ᠎ᠠ ᠁︾ ᠭᠡᠵᠦ ᠰᠠᠶ᠋ᠢᠬᠠᠨ ᠢᠳᠡᠭᠡᠨ ᠤᠮᠳᠠᠭᠠᠨ ᠤ ︽ᠤᠯᠠᠭᠠᠨ ᠨᠡᠷᠡᠰ ᠤᠨ ᠵᠠᠷᠯᠠᠯ︾ ᠳᠤ ᠵᠢᠭᠰᠠᠭᠠᠭᠳᠠᠭᠰᠠᠨ ᠬᠥᠬᠡᠬᠤᠲᠠ ᠶᠢᠨ ᠵᠢᠦᠢ ᠬᠤᠸᠠ ᠤᠯᠠᠨ ᠤᠯᠤᠰ ᠤᠨ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠪᠠᠢ ᠰᠢᠶᠣᠣ ᠪᠢᠨ ᠪᠠᠭᠤᠳᠠᠯ ᠤᠨ ᠢᠶᠠᠨ ᠠᠷᠭ᠎ᠠ ᠬᠢᠳᠡᠯ ᠢ ᠲᠠᠨᠢᠯᠴᠠᠭᠤᠯᠪᠠ᠃      ᠡᠯ᠎ᠡ ᠢᠳᠡᠭᠡᠨ ᠤᠮᠳᠠᠭᠠᠨ ᠤ ᠨᠢᠭᠡᠴᠢ ᠪᠣᠯᠣᠨ ᠬᠡᠷᠡᠭᠯᠡᠭᠴᠢᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠣᠶᠤᠨᠴᠢ ᠪᠠᠷ ᠬᠡᠷᠡᠭᠯᠡᠭᠡ ᠬᠢᠵᠦ᠂ ᠪᠦᠷᠢᠯᠭᠡᠨ ᠰᠦᠢᠳᠬᠡᠬᠦ ᠶᠢ ᠲᠡᠪᠴᠢᠬᠦ ᠶᠢ ᠵᠣᠷᠢᠭᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠨᠡᠶᠢᠲᠡᠯᠡᠬᠦ ᠬᠡᠯᠪᠡᠷᠢ ᠪᠠᠷ ᠪᠥᠬᠦ ᠣᠷᠣᠨ ᠤ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠰᠬᠠᠢ ᠪᠠᠶᠢᠴᠠᠭᠠᠯᠲᠠ ᠳᠤ ᠢᠯᠡᠷᠡᠭᠦᠯᠦᠭᠰᠡᠨ ᠰᠠᠶᠢᠨ ᠮᠠᠭᠤ ᠨᠡᠶᠢᠲᠡᠯᠢᠭ ᠵᠢᠱᠢᠶ᠎ᠡ ᠶᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃      ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠯᠦ ᠪᠦᠷᠢᠯᠭᠡᠬᠦ ᠠᠵᠢᠯᠯᠠᠭ᠎ᠠ ᠶᠢ ᠰᠠᠨᠠᠭᠠᠴᠢᠯᠠᠭᠰᠠᠨ᠂ ᠬᠤᠭᠤᠯᠠ ᠢᠳᠡᠬᠦ ᠣᠷᠴᠢᠨ ᠲᠣᠭᠤᠷᠢᠨ᠂ ᠠᠵᠢᠯᠲᠠᠨ ᠤ ᠬᠠᠮᠢᠶᠠᠷᠤᠯᠲᠠ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠦᠨᠡᠯᠡᠯᠲᠡ ᠬᠢᠵᠦ᠂ ᠬᠢᠨᠠᠮᠠᠭᠠᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠠᠵᠤ ᠠᠬᠤᠶᠢᠯᠠᠯ ᠢ ︽ᠤᠯᠠᠭᠠᠨ ᠨᠡᠷᠡᠰ ᠤᠨ ᠵᠠᠷᠯᠠᠯ︾ ᠳᠤ ᠵᠢᠭᠰᠠᠭᠠᠵᠤ᠂ ᠥᠪᠡᠷ ᠤᠨ ᠪᠠᠶᠢᠴᠠᠭᠠᠯᠲᠠ ᠪᠠᠷ ᠳᠡᠮᠵᠢᠨ ᠠᠰᠠᠭᠤᠳᠠᠯ ᠣᠷᠣᠰᠢᠭᠰᠠᠭᠠᠷ ᠪᠠᠶᠢᠭ᠎ᠠ ᠠᠵᠤ ᠠᠬᠤᠶᠢᠯᠠᠯ ᠢ ︽ᠬᠠᠷ᠎ᠠ ᠨᠡᠷᠡᠰ ᠤᠨ ᠵᠠᠷᠯᠠᠯ ︾ ᠳᠤ ᠵᠢᠭᠰᠠᠭᠠᠨ᠎ᠠ᠃ ᠡᠭᠦᠨ ᠤ ᠵᠡᠷᠭᠡ ᠳᠤ ᠬᠡᠷᠡᠭᠯᠡᠭᠴᠢᠳ ᠤᠨ ᠴᠠᠭ ᠢᠮᠠᠭᠲᠠ ᠭᠠᠷ ᠤᠨ ᠠᠶ᠎ᠠ ᠪᠠᠷ ᠰᠡᠭᠦᠳᠡᠷᠯᠡᠬᠦ ᠶᠢ ᠳᠠᠶᠢᠴᠢᠯᠠᠨ᠂ ᠬᠠᠷᠭᠤᠭᠤᠯᠤᠨ ᠨᠤᠲᠠᠯᠠᠭᠰᠠᠨ ᠤ ᠳᠠᠷᠠᠭ᠎ᠠ ᠢᠯᠡ ᠨᠡᠶᠢᠲᠡᠯᠡᠨ᠎ᠡ᠃ ᠡᠯ᠎ᠡ ᠠᠶᠢᠮᠠᠭ ᠬᠤᠲᠠ ᠶᠢᠨ ᠲᠣᠪᠴᠢᠶ᠎ᠠ ᠠᠴᠠ ᠬᠠᠭᠠᠰ ᠰᠠᠷ᠎ᠠ ᠳᠤ ᠨᠢᠭᠡ ᠤᠳᠠᠭ᠎ᠠ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠬᠤᠷᠢᠶᠠᠩᠭᠤᠶᠢᠯᠠᠨ ᠡᠮᠬᠢᠯᠡᠭᠰᠡᠨ ᠤ ᠳᠠᠷᠠᠭ᠎ᠠ᠂ ᠳᠠᠬᠢᠨ ᠪᠥᠬᠦ ᠣᠷᠣᠨ ᠤ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠢ ᠪᠣᠶ ᠪᠣᠯᠭᠠᠵᠤ᠂ ᠡᠭᠦᠨ ᠢᠶᠠᠷ ᠳᠠᠮᠵᠢᠭᠤᠯᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢᠳ ᠤᠨ  ︽ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠶᠢ ᠡᠵᠡᠩᠨᠡᠯᠲᠡ ᠦᠢᠯᠡᠴᠢᠯᠡᠭᠡᠨ ᠤ ᠪᠠᠨ ᠪᠥᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃      ᠣᠳᠣᠬᠠᠨ ᠳᠤ ︽ᠤᠯᠠᠭᠠᠨ ᠪᠠ ᠬᠠᠷ᠎ᠠ ᠨᠡᠷᠡᠰ ᠤᠨ ᠵᠠᠷᠯᠠᠯ︾ ᠢ ᠨᠢᠭᠡᠨᠲᠡ ᠬᠤᠶᠠᠷ ᠬᠤᠭᠤᠴᠠᠭ᠎ᠠ ᠨᠡᠶᠢᠲᠡᠯᠡᠵᠡᠢ᠂ ᠡᠭᠦᠨ ᠤ ᠳᠣᠲᠣᠷ᠎ᠠ ︽ᠤᠯᠠᠭᠠᠨ ᠨᠡᠷᠡᠰ ᠤᠨ ᠵᠠᠷᠯᠠᠯ︾ ᠳᠤ 175 ᠡᠵᠡᠩᠨᠡᠭᠴᠢ᠂ ︽ᠬᠠᠷ᠎ᠠ ᠨᠡᠷᠡᠰ ᠤᠨ ᠵᠠᠷᠯᠠᠯ︾ ᠳᠤ 83 ᠡᠵᠡᠩᠨᠡᠭᠴᠢ ᠵᠢᠭᠰᠠᠭᠠᠭᠳᠠᠭᠠᠳ ᠪᠠᠶᠢᠨ᠎ᠠ᠃ ᠡᠭᠦᠨ ᠤ ᠵᠡᠷᠭᠡᠴᠡᠭᠡ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠢ ᠦᠶ᠋ᠯᠡ ᠠᠵᠢᠯᠯᠠᠭ᠎ᠠ ᠶᠢ ᠰᠢᠢᠳᠬᠡᠨ ᠲᠣᠷᠭᠠᠪᠠ᠃ ᠪᠤᠭᠤᠲᠤ ᠬᠤᠲᠠ ᠶᠢᠨ ᠬᠢᠨ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠠᠰᠠᠭᠤᠳᠠᠯ ᠣᠷᠣᠰᠢᠵᠤ ᠪᠠᠶᠢᠭ᠎ᠠ ᠨᠢᠭᠡᠨ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠠᠩᠬᠠᠨ ᠤ ᠰᠢᠢᠳᠬᠡᠨ ᠲᠣᠷᠭᠠᠬᠤ ᠲᠣᠭᠲᠠᠭᠠᠯ ᠤᠨ ᠪᠢᠴᠢᠭ ᠶᠠᠪᠤᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号