ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠢᠴᠢ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠯᠭᠠᠭᠤᠯᠬᠤ ᠬᠤᠷᠠᠯ ᠶᠠᠪᠤᠭᠳᠠᠪᠠ ᠳ᠋ᠢᠩ ᠰᠢᠤ ᠹᠧᠩ ᠬᠤᠷᠠᠯ ᠳᠤ ᠣᠷᠣᠯᠴᠠᠵᠤ ᠳᠠᠶᠢᠴᠢᠨ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/5/11
     5 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠣᠷᠣᠨ ᠤ ᠠᠩᠬᠠᠳᠤᠭᠠᠷ ᠬᠤᠭᠤᠴᠠᠭᠠᠨ ᠤ ᠨᠢᠭᠡ ᠴᠣᠭᠴᠠᠵᠢᠭᠤᠯᠤᠭᠰᠠᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠢᠴᠢ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠯᠭᠠᠭᠤᠯᠬᠤ ᠬᠤᠷᠠᠯ ᠢ ᠪᠤᠭᠤᠲᠤ ᠬᠤᠲᠠ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃      ᠬᠤᠷᠠᠯ ᠳᠤ᠂ ᠨᠢᠭᠡ ᠴᠣᠭᠴᠠᠵᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠲᠣᠭᠲᠠᠯᠴᠠᠭ᠎ᠠ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠥᠪᠥᠷ ᠮᠣᠩᠭᠤᠯ ᠳᠤ ᠰᠠᠭᠤᠷᠢ ᠲᠠᠢ᠂ ᠳᠠᠪᠠᠭᠤᠯᠢᠭ ᠲᠠᠢ᠂ ᠲᠠᠪᠴᠠᠩ ᠲᠠᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠤᠶᠤ ᠬᠦᠷᠦᠩᠭᠡ ᠶᠢ ᠴᠡᠷᠢᠭ ᠤᠨ ᠠᠵᠤ ᠦᠢᠯᠡᠳᠪᠦᠷᠢ ᠶᠢᠨ ᠠᠵᠢᠯ ᠲᠦᠷᠦᠯ ᠳᠤ ᠣᠷᠣᠭᠤᠯᠬᠤ︾ ᠭᠤᠣᠯᠳᠠᠯᠭ᠎ᠠ ᠲᠠᠢ ᠠᠵᠤ ᠦᠢᠯᠡᠰ ᠢ ᠪᠤᠶᠢᠵᠢᠭᠤᠯᠵᠤ᠂ ᠴᠡᠷᠢᠭ ᠤᠨ ᠠᠵᠤ ᠦᠢᠯᠡᠳᠪᠦᠷᠢ ᠶᠢᠨ ᠨᠢᠭᠡᠴᠢ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠵᠤ᠂ ᠠᠷᠠᠳ ᠤᠨ ᠰᠢᠰᠲ᠋ᠧᠮ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠡᠷᠢᠭ ᠤᠨ ᠠᠵᠤ ᠦᠢᠯᠡᠳᠪᠦᠷᠢ ᠶᠢᠨ ᠨᠢᠭᠡᠴᠢ ᠶᠢᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠦᠷᠦᠯ ᠵᠦᠢᠯ ᠳᠤ ᠣᠷᠣᠯᠴᠠᠬᠤ ᠶᠢ ᠲᠡᠮᠵᠢᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ ᠭᠡᠵᠦ ᠴᠢᠬᠤᠯᠠᠴᠢᠯᠠᠪᠠ᠃      ᠵᠣᠯᠭᠠᠭᠤᠯᠬᠤ ᠬᠤᠷᠠᠯ ᠨᠢ ︽ᠰᠢᠨ᠎ᠡ ᠮᠡᠷᠭᠡᠵᠢᠯ ᠢ ᠠᠭᠤᠰᠤᠯᠴᠠᠭᠤᠯᠬᠤ · ᠰᠢᠨ᠎ᠡ ᠠᠵᠤ ᠦᠢᠯᠡᠰ ᠲᠤ ᠬᠦᠴᠦᠨ ᠴᠢᠳᠠᠮᠵᠢ ᠣᠯᠭᠤᠬᠤ︾ ᠪᠠᠷ ᠭᠤᠣᠯ ᠰᠡᠳᠦᠪ ᠪᠣᠯᠭᠠᠵᠤ᠂ ︽ᠴᠡᠷᠢᠭ ᠤᠨ ᠠᠵᠤ ᠦᠢᠯᠡᠳᠪᠦᠷᠢ + ᠠᠷᠠᠳ ᠤᠨ ᠰᠢᠰᠲ᠋ᠧᠮ + ᠰᠢᠨᠵᠢᠯᠡᠬᠦ ᠤᠬᠠᠭᠠᠨ ᠮᠡᠷᠭᠡᠵᠢᠯ + ᠮᠥᠩᠭᠦᠨ ᠭᠦᠢᠯᠭᠡᠭᠡ + ᠬᠦᠷᠢᠶᠡᠯᠡᠩ ᠲᠣᠭᠤᠷᠢᠭ︾ ᠤᠨ ᠵᠣᠯᠭᠠᠭᠤᠯᠬᠤ ᠵᠠᠭᠪᠤᠷ ᠢᠶᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号