ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ ᠦ᠋ ᠶᠠᠨ ᠭᠠᠩ ᠴᠢ᠊ ᠪᠠᠲᠤ ᠵᠤᠤ ᠰᠦ ᠵᠢᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/5/12
     5 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠᠨ᠎ᠠ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠦ᠋ ᠶᠠᠨ ᠭᠠᠩ ᠬᠤᠷᠠᠯ ᠳᠤ ᠣᠷᠣᠯᠴᠠᠨ᠂ ᠴᠢ᠊ ᠪᠠᠲᠤ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠵᠤᠤ ᠰᠦ ᠵᠢᠩ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃      ᠬᠤᠷᠠᠯ ᠠᠴᠠ 5 ᠵᠢᠯ ᠤᠨ ᠲᠤᠷᠰᠢᠬᠢ ᠪᠦᠬᠦ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠣᠷᠣᠨ ᠤ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号