ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠱᠡᠭᠡᠷᠲᠦ ᠰᠢᠶᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/5/13
     5 ᠰᠠᠷ᠎ᠠ ᠶᠢᠨ 11 ᠤ ᠡᠳᠦᠷ ᠠᠴᠠ 5 ᠰᠠᠷ᠎ᠠ ᠶᠢᠨ 12 ᠤᠨ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠱᠡᠭᠡᠷᠲᠦ ᠰᠢᠶᠠᠩ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠣᠣ ᠬᠤᠶ ᠦ᠋ ᠪᠠᠷ᠎ᠠ ᠪᠣᠯᠪᠠ᠃      ᠵᠠᠩ ᡁᠢ ᠭᠠᠩ ᠱᠦᠵᠢ ᠤᠷᠢᠳ ᠬᠤᠵᠢᠳ ᠱᠡᠭᠡᠷᠲᠦ ᠰᠢᠶᠠᠩ ᠤᠨ ᠰᠦ ᠰᠢ ᠲᠠᠢ ᠲᠣᠰᠬᠤᠨ ᠤ ᠢᠳᠡᠭᠡᠨ ᠤ ᠮᠦᠬᠦ ᠶᠢᠨ ᠰᠠᠭᠤᠷᠢᠨ᠂ ᠸᠧᠨ ᠭᠤᠸᠠᠨ ᠭᠦᠸᠧ ᠲᠠᠷᠢᠮᠠᠯ ᠤᠨ ᠰᠠᠭᠤᠷᠢᠨ ᠭᠠᠵᠠᠷ ᠂ ᠳᠤ ᠴᠢᠩ ᠶᠤᠸᠠᠨ ᠤ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠰᠢ ᠱᠠᠨ  ᠭᠧᠨ ᠬᠢᠲᠠᠳ ᠡᠪᠡᠰᠦᠨ ᠡᠮ ᠤᠨ GAP ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠰᠢᠶᠠᠨ ᠵᠧᠩ ᠳ᠋ᠠ ᠲᠥᠪᠡᠳ ᠬᠠᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠵᠧᠨ ᠲᠧᠦ ᠭᠧᠦ ᠲᠣᠰᠬᠤᠨ ᠤ ᠲᠦᠮᠡᠨ ᠮᠥ ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ᠂ ᠪᠠ ᠵᠢᠢ ᠭᠧᠦ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠦᠮᠡᠨ ᠮᠥ ᠡᠯᠳᠡᠪ ᠠᠮᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ︵ᠴᠢᠨᠠᠷ ᠰᠠᠶᠢᠲᠠᠶ ᠠᠮᠤ ᠪᠤᠳᠠᠭ᠎ᠠ ᠨᠡᠮᠡᠭᠳᠡᠭᠦᠯᠬᠦ ᠲᠥᠷᠥᠯ ᠵᠦᠢᠯ ᠤᠨ ᠰᠠᠭᠤᠷᠢᠨ ᠭᠠᠵᠠᠷ︶᠂ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ ᠪᠠᠶᠢᠴᠠᠭᠠᠨ ᠰᠣᠳᠣᠯᠵᠣ ᠬᠢᠨᠠᠨ ᠵᠢᠯᠣᠭᠤᠳᠬᠤ ᠶᠢᠨ ᠬᠠᠮᠲᠤ᠂ ᠬᠠᠮᠢᠶ᠎ᠠ ᠪᠦᠬᠦᠢ ᠠᠵᠢᠯᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号