5 ᠰᠠᠷ᠎ᠠ ᠶᠢᠨ 11 ᠤ ᠡᠳᠦᠷ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠶᠢᠨ | ᠪᠣᠯᠪᠠᠰᠤᠷᠠᠯ ᠤᠨ ᠠᠩᠭᠢ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ | ᠰᠤᠷᠤᠯᠭ᠎ᠠ ᠡᠬᠢᠯᠡᠵᠦ᠂ ᠪᠦᠭᠦ ᠣᠷᠣᠨ ᠤ 74 ᠨᠡᠷᠡᠰ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ | ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠠᠷᠤᠭ᠎ᠠ ᠵᠧᠩ ᠭᠤᠸᠠᠩ ᠵᠤᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠵᠧᠩ ᠭᠤᠸᠠᠩ ᠵᠣᠣ᠂ ᠪᠦᠭᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ | ᠳᠠᠷᠤᠭ᠎ᠠ᠂ ᠢᠯᠠᠩᠭᠤᠶ᠎ᠠ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ | ᠨᠠᠷ ᠤᠯᠤᠰ ᠲᠥᠷᠥ ᠶᠢᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠠᠮᠤᠷ ᠲᠦᠪᠰᠢᠨ ᠢ | ᠬᠠᠮᠠᠭᠠᠯᠠᠬᠤ ᠴᠢᠳᠠᠪᠤᠷᠢ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠴᠢᠳᠠᠪᠤᠷᠢ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ ᠴᠢᠳᠠᠪᠤᠷᠢ᠂ ᠤᠳᠤᠷᠢᠳᠬᠤ ᠪᠠᠭ ᠢ ᠠᠳᠬᠤᠬᠤ | ᠡᠩᠨᠡᠭᠡ ᠶᠢ ᠳᠠᠶᠢᠴᠢᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ | ᠢᠳᠡᠪᠬᠢᠲᠡᠢ ᠵᠣᠬᠢᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠦᠭᠦ ᠬᠦᠴᠦᠨ ᠢᠶᠠᠷ ᠢᠶᠠᠨ ᠦᠢᠯᠡᠴᠢᠯᠡᠨ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |