ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/5/15
     5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠪᠣᠯᠣᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠬᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠪᠣᠯᠣᠨ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠠᠭᠠᠨ ︽ᠶᠡᠭᠡ︾ ᠶᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ︽ᠪᠠᠭ᠎ᠠ︾ ᠶᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠶᠡᠭᠡ ᠬᠦᠴᠦ ᠣᠷᠣᠭᠤᠯᠵᠤ ᠪᠠᠶᠢᠭᠠᠳ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢ ᠠᠬᠢᠭᠤᠯᠵᠤ ᠂ ᠭᠡᠷ ᠭᠠᠵᠠᠷ ᠬᠥᠷᠥᠩᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠪᠠ ᠬᠤᠳᠠ ᠶᠢᠨ ᠲᠥᠪᠯᠡᠷᠡᠩᠭᠦᠢ ᠳᠤᠯᠠᠭᠠᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠵᠠᠰᠠᠭ ᠤᠨ ᠣᠷᠳᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠭᠰᠡᠨ ᠥᠷᠢ ᠰᠢᠷᠢ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠡᠭᠡᠭᠡᠯᠲᠡ ᠪᠠᠨ ᠲᠠᠰᠤᠷᠠᠯᠲᠠ ᠦᠭᠡᠢ ᠥᠷᠭᠡᠳᠬᠡᠵᠦ᠂ ᠨᠡᠭᠡᠭᠡᠯᠲᠡ ᠬᠢᠬᠦ ᠭᠤᠣᠯᠳᠠᠯᠭ᠎ᠠ ᠲᠠᠢ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠠᠯᠠᠢ ᠳᠠᠭᠠᠤ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ ᠠᠪᠬᠤ ᠬᠡᠷᠡᠭᠲᠡᠢ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠵᠡᠷᠭᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠳᠡᠭᠡᠳᠦ ᠰᠢᠨ᠎ᠡ ᠮᠡᠷᠭᠡᠵᠢᠯ ᠪᠣᠯᠣᠨ ᠲᠡᠷᠢᠭᠦᠨ ᠤ ᠲᠣᠬᠢᠷᠠᠬᠤ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠵᠢᠭᠤᠯᠴᠢᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ᠬᠥᠮᠥᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠮᠥᠨ ᠠᠮᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠥᠮᠥᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠣᠳᠣᠬᠢᠴᠢᠯᠠᠭᠰᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ︽ᠨᠠᠷᠢᠨ ᠰᠤᠳᠠᠯ︾ ᠢ ᠰᠢᠯᠤᠭᠤᠳᠬᠠᠬᠤ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠭᠠᠵᠠᠷ ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠠᠵᠢᠯ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠨᠡ ᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ᠂ ᠬᠥᠮᠥᠵᠢᠭᠦᠯᠦᠨ ᠪᠣᠯᠪᠠᠰᠤᠷᠠᠭᠤᠯᠬᠤ ᠪᠠ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ︽ᠠᠷᠪᠠᠨ ᠬᠤᠶᠠᠷ ᠡᠷᠬᠡᠪᠰᠢ︾ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠭᠤᠯᠤᠨ ᠡᠵᠡᠮᠰᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︵ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢᠨ ᠬᠡᠷᠡᠭᠵᠢᠭᠦᠯᠬᠦ ᠲᠥᠰᠥᠯ︾  ᠢ ᠬᠢᠨᠠᠨ ᠵᠥᠪᠯᠡᠵᠦ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠨᠡᠪᠲᠡᠷᠡᠯᠴᠡᠭᠡ ᠵᠣᠯᠭᠠᠯᠴᠠᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠬᠠᠮᠵᠢᠯᠴᠠᠭᠠᠠᠨ ᠤ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠲᠠᠢ ᠪᠦᠭᠦ ᠬᠦᠴᠦᠨ ᠢᠶᠠᠷ ᠢᠶᠠᠨ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠶᠢ ᠢᠳᠡᠪᠬᠢᠲᠡᠢ ᠪᠠᠷ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号