ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠪᠦᠯᠬᠦᠮ ᠳᠠᠭᠠᠭᠤᠯᠤᠨ ᠮᠢᠩ ᠶᠠᠩ ᠪᠦᠯᠦᠭᠯᠡᠯ ᠳᠤ ᠬᠦᠷᠴᠦ ᠠᠷᠠᠯᠵᠢᠶᠠᠴᠢᠨ ᠤᠷᠢᠵᠤ  ᠲᠦᠷᠦᠯ ᠵᠦᠢᠯ ᠵᠣᠯᠭᠠᠭᠤᠯᠪᠠ
ᠨᠡᠶᠢᠲᠡᠯᠡᠭᠰᠡᠨ ᠴᠠᠭ᠄
2023/5/17
     5 ᠰᠠᠷ᠎ᠠ ᠶᠢᠨ 17 ᠤ ᠡᠳᠦᠷ᠂ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᡁᠢ ᠭᠠᠩ ᠪᠦᠯᠬᠦᠮ ᠳᠠᠭᠠᠭᠤᠯᠵᠤ᠂  ᠮᠢᠩ ᠶᠠᠩ ᠪᠦᠯᠦᠭᠯᠡᠯ ᠳᠤ ᠬᠦᠷᠴᠦ ᠠᠷᠠᠯᠵᠢᠶᠠᠴᠢᠨ ᠣᠷᠢᠬᠤ ᠶᠢᠨ ᠬᠠᠮᠲᠦ᠂ ᠯᠢᠨᠰᠢ ᠰᠢᠶᠠᠨ ᠤ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠶᠢᠨ ᠰᠢᠪᠲᠦᠷᠲᠦ ᠠᠯᠺᠣᠣᠯ ᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠵᠥᠪᠳᠡᠯᠴᠡᠪᠡ᠃      ᠵᠠᠩ ᡁᠢ ᠭᠠᠩ ᠨᠠᠷ ᠮᠢᠩ ᠶᠠᠩ ᠪᠦᠯᠦᠭᠯᠡᠯ ᠤᠨ ᠴᠠᠬᠢᠯᠭᠠᠨ ᠤ ᠦᠢᠯᠡᠳᠪᠦᠷᠢᠯᠡᠯ ᠤᠨ ᠲᠠᠰᠤᠭ᠂ ᠶᠡᠷᠦᠩᠬᠡᠢ ᠬᠡᠯᠲᠡᠰ ᠤᠨ ᠰᠣᠶᠣᠯ ᠤᠨ ᠣᠷᠳᠣᠨ᠂ ᠲᠤᠮᠤ ᠳ᠋ᠠᠶᠢᠲ᠋ᠠ ᠶᠢᠨ ᠲᠥᠪ ᠢ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠰᠡᠭ ᠤᠨ ᠪᠦᠷᠢᠯᠳᠦᠯ ᠪᠣᠯᠤᠨ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠳᠡ᠂ ᠦᠢᠯᠡᠳᠪᠦᠷᠢᠯᠡᠯ ᠡᠵᠡᠩᠨᠡᠯᠲᠡ ᠵᠡᠷᠭᠡ ᠲᠠᠯ᠎ᠠ ᠶᠢᠨ ᠲᠡᠷᠢᠭᠦᠨ ᠤ ᠤᠢᠢᠯᠠᠭᠠᠭᠳᠠᠬᠤᠨ ᠪᠣᠯᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠰᠣᠯᠢᠯᠴᠠᠵᠠᠢ ᠃ ᠶᠠᠷᠢᠯᠴᠠᠬᠤ ᠬᠤᠷᠠᠯ ᠳᠡᠭᠡᠷ᠎ᠡ᠂ ᠵᠠᠩ ᡁᠢ ᠭᠠᠩ ᠱᠦᠵᠢ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠶᠢᠨ ᠰᠢᠪᠲᠦᠷᠲᠦ ᠠᠯᠺᠣᠣᠯ ᠢ ᠨᠢᠭᠡ ᠴᠤᠬᠴᠠᠵᠢᠭᠤᠯᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ  ᠰᠣᠨᠣᠰᠬᠤ ᠶᠢᠨ ᠬᠠᠮᠲᠤ᠂ ᠰᠢᠨ᠎ᠡ ᠡᠨᠧᠷᠭᠢ ᠶᠢᠨ ᠠᠵᠤ ᠦᠢᠯᠡᠰ ᠪᠣᠯ ᠯᠢᠨᠰᠢ ᠰᠢᠶᠠᠨ ᠤ ︽ᠵᠠᠭᠤᠨ ᠳ᠋ᠦᠩᠰᠢᠭᠤᠷ ᠳᠡᠰ ᠤᠨ ᠰᠢᠨ᠎ᠡ ᠡᠨᠧᠷᠭᠢ ᠶᠢᠨ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠪᠦᠯᠦᠭᠯᠡᠯ︾ ᠢ ᠴᠣᠭᠴᠠᠯᠠᠨ ᠪᠠᠶᠢᠭᠤᠯᠬᠤ ᠭᠤᠣᠯᠯᠠᠭᠴᠢ ᠠᠵᠤ ᠦᠢᠯᠡᠰ ᠪᠣᠯᠤᠨ᠎ᠠ᠂ ᠪᠦᠬᠦ ᠰᠢᠶᠠᠨ ᠤ ᠭᠡᠷᠡᠯ ᠪᠠ ᠰᠠᠯᠬᠢᠨ ᠤ ᠡᠬᠢ ᠪᠠᠶᠠᠯᠢᠭ ᠡᠯᠪᠡᠭ ᠳᠡᠯᠪᠡᠭ᠂ ᠬᠤᠶᠠᠷ ᠲᠠᠯ᠎ᠠ ᠪᠠᠷ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ᠂ ᠵᠦᠢ ᠵᠣᠬᠢᠰᠲᠠᠢ ᠪᠠᠷ ᠡᠬᠢ ᠪᠠᠶᠠᠯᠢᠭ ᠢ ᠨᠡᠭᠡᠭᠡᠨ ᠠᠰᠢᠭᠯᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号