ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠯᠢᠨᠰᠢ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/23
     5 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠯᠢᠨᠰᠢ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠣᠣ ᠬᠤᠶ ᠦ᠋᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠳ᠋ᠦᠩ ᠬᠤᠶ᠂ ᠪᠠᠯᠭᠠᠰᠤᠨ ᠳᠠᠷᠤᠭ᠎ᠠ ᠵᠠᠩ ᠴᠢᠶᠠᠩ ᠪᠠᠷ᠎ᠠ ᠪᠣᠯᠪᠠ᠃
     ᠵᠠᠩ ᡁᠢ ᠭᠠᠩ ᠱᠦᠵᠢ ᠤᠷᠢᠳ ᠬᠤᠵᠢᠳ ᠰᠢᠨ ᠰᠢᠩ ᠲᠣᠰᠬᠤᠨ᠂ ᠳ᠋ᠦᠩ ᠹᠧᠩ ᠲᠣᠰᠬᠤᠨ᠂ ᠳ᠋ᠦᠩ ᠪᠦ᠋ ᠯᠧᠩ ᠲᠣᠰᠬᠤᠨ᠂ ᠴᠠᠩ ᠱᠧᠩ ᠲᠣᠰᠬᠤᠨ᠂ ᠨᠠᠨ ᠮᠧᠨ ᠸᠠᠶ ᠲᠣᠰᠬᠤᠨ᠂ ᠾᠧ ᠶᠠᠨ ᠲᠣᠰᠬᠤᠨ ᠵᠡᠷᠭᠡ ᠭᠠᠵᠠᠷ ᠲᠤ ᠬᠦᠷᠴᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠ ᠳᠣᠭᠲᠠᠭᠤᠨ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠣᠳᠣᠯᠣᠨ ᠵᠢᠭᠠᠨ ᠵᠢᠯᠣᠭᠤᠳᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠥᠭᠴᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号