ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠲᠦᠩᠪᠦ᠋ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᡁᠢ ᠭᠠᠩ ᠲᠦᠩᠪᠦ᠋ ᠪᠠᠯᠭᠠᠰᠤᠨ ᠳᠤ ᠬᠦᠷᠴᠦ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠤᠨ ᠲᠤᠬᠠᠢ ᠪᠠᠶᠢᠴᠠᠭᠠᠨ  ᠰᠣᠳᠣᠯᠵᠣ ᠵᠢᠭᠠᠨ ᠵᠢᠯᠣᠭᠤᠳᠪᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠤᠤ ᠬᠤᠢ ᠦ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠵᠠᠩ ᡁᠢ ᠭᠠᠩ ᠤᠷᠢᠳ ᠬᠤᠵᠢᠳ ᠤᠮᠠᠷᠠᠲᠤ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠯᠢᠨᠰᠢ ᠰᠢᠶᠠᠨ ᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠵᠤ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠣᠯᠤᠨ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠦᠩᠪᠦ᠋ ᠪᠠᠯᠭᠠᠰᠤᠨ ᠤ ᠰᠢᠦᠳᠠᠨ ᠤ ᠰᠠᠯᠪᠤᠷᠢ ᠲᠣᠪᠴᠢᠶ᠎ᠠ᠂ ᠬᠤᠶᠠᠷ ᠠᠰᠢᠭ ᠭᠥᠷᠳᠡᠬᠦ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ᠂ ᠹᠦ᠋ ᠯᠢᠩ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠦᠢᠯᠡᠳᠪᠦᠷᠢ᠂ ᠱᠦᠶ ᠴᠢᠤᠸᠠᠨ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ᠂ ᠪᠠ ᠴᠢ ᠲᠡᠵᠢᠭᠡᠯ ᠪᠣᠷᠳᠣᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ᠂ ᠡᠯ ᠵᠢᠶᠠᠨ ᠹᠠᠩ ᠲᠣᠰᠬᠤᠨ᠂ ᠬᠤᠩ ᠯᠢᠨ ᠠᠭᠤᠷᠬᠠᠶ ᠶᠢᠨ ᠦᠢᠯᠡᠰ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠵᠠᠩ ᡁᠢ ᠭᠠᠩ ᠬᠦᠷᠦᠭᠰᠡᠨ ᠭᠠᠵᠠᠷ ᠪᠣᠯᠭᠠᠨ ᠳᠤ ᠠᠵᠢᠯ ᠤᠨ ᠬᠠᠷᠢᠭᠤ ᠮᠡᠳᠡᠭᠦᠯᠦᠯᠲᠡ ᠰᠣᠨᠣᠰᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠰᠠᠭᠤᠳᠠᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠭᠤᠯᠭ᠎ᠠ ᠪᠠ ᠰᠠᠨᠠᠯ ᠥᠭᠴᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号