ᠯᠢᠨᠰᠢ ᠰᠢᠶᠠᠨ ᠰᠢᠨᠵᠢᠯᠡᠭᠡ ᠮᠡᠷᠭᠡᠵᠢᠯ ᠤᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2023/5/30
     ᠰᠢᠨᠵᠢᠯᠡᠬᠦ ᠤᠬᠠᠭᠠᠨ ᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠢᠨᠵᠢᠯᠡᠭᠡ ᠮᠡᠷᠭᠡᠵᠢᠯ ᠤᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠱᠡᠭᠡᠷᠲᠦ ᠰᠢᠶᠠᠩ ᠪᠣᠯᠣᠨ ᠯᠢᠨᠰᠢ ᠪᠠᠯᠭᠠᠰᠤᠨ ᠳᠤ ᠬᠦᠷᠴᠦ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠶᠢᠯᠤᠮᠵᠢ ᠥᠷᠨᠢᠭᠦᠯᠪᠡ᠃ ᠰᠢᠶᠠᠩ ᠪᠠᠯᠭᠠᠰᠤᠨ ᠤ ᠬᠠᠮᠢᠶ᠎ᠠ ᠪᠦᠬᠦᠢ ᠦᠷᠳᠡᠭᠡ ᠭᠠᠵᠠᠷ ᠤᠨ ᠠᠵᠢᠯᠳᠠᠨ᠂ ᠡᠯ᠎ᠡ ᠲᠣᠰᠬᠤᠨ ᠤ ᠲᠠᠷᠢᠮᠠᠯ ᠤᠨ ᠡᠷᠦᠬᠡ ᠬᠤᠷᠠᠯ ᠳᠤ ᠣᠷᠣᠯᠴᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠤᠯᠠᠭᠠᠨᠬᠠᠳᠠ ᠬᠤᠲᠠ ᠶᠢᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠮᠥ ᠰᠢ ᠶᠦᠨ ᠪᠠᠭᠰᠢ ᠶᠢ ᠤᠷᠢᠵᠤ ᠵᠢᠮᠢᠰ ᠤᠨ ᠮᠣᠳᠣᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠰᠢᠯᠢᠳᠡᠭ ᠡᠭᠦᠯᠳᠡᠷ ᠤᠨ ᠵᠢᠮᠢᠰ ᠤᠨ ᠮᠣᠳᠣ ᠳᠠᠷᠢᠵᠤ ᠪᠤᠶᠢᠵᠢᠭᠤᠯᠬᠤ᠂ ᠵᠠᠶᠢᠯᠠᠵᠤ ᠬᠠᠶᠢᠴᠢᠯᠠᠬᠤ ᠵᠡᠷᠭᠡ ᠲᠠᠯ᠎ᠠ ᠶᠢᠨ ᠮᠡᠳᠡᠯᠭᠡ ᠶᠢᠨ ᠲᠣᠭᠤᠷᠢᠨ ᠳᠤ ᠲᠠᠶᠢᠯᠣᠮᠵᠢ ᠬᠢᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号