ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠴᠧ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2023/5/6
     5 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠥᠪ ᠤᠨ ᠨᠢᠭᠡᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠡᠳ᠋ ᠳᠤᠭᠤᠶᠢᠯᠠᠩ ᠤᠨ ᠳᠠᠷᠤᠭ᠎ᠠ ᠯᠢ ᠰᠢᠶᠣᠣ ᠰᠠᠨ ᠵᠢᠴᠢ ᠪᠦᠭᠦ ᠪᠦᠷᠢᠯᠳᠦᠭᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠡᠨᠡ ᠬᠦ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠮᠡᠳᠡᠬᠦ ᠬᠢᠬᠦ ᠪᠠᠨ ᠨᠢᠭᠡᠳᠬᠡᠬᠦ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠦ ᠶᠡᠭᠡ ᠶᠠᠪᠤᠳᠠᠯ ᠢ ᠬᠦᠴᠦᠯᠡᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃      ᠰᠦᠨ ᠱᠤᠤ ᠴᠧᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ᠃ ᠠᠰᠠᠭᠤᠳᠠᠯ ᠤᠨ ᠤᠬᠠᠮᠰᠠᠷ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠭ᠎ᠠ ᠬᠥᠮᠦᠵᠢᠯ ᠢ ᠴᠢᠩᠭ᠎ᠠ ᠠᠳᠬᠤᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠪᠠ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠬᠦ ᠵᠡᠷᠭᠡ ᠭᠤᠣᠯᠳᠠᠯᠭ᠎ᠠ ᠳᠤ ᠲᠥᠪᠯᠡᠷᠡᠭᠦᠯᠦᠨ ᠬᠦᠴᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠳᠣᠬᠢᠴᠢᠯᠠᠯᠲᠠ ᠶᠢ ᠠᠬᠢᠭᠤᠯᠬᠤ ᠶᠢᠨ ᠬᠦᠴᠦᠯᠡᠬᠦ ᠴᠡᠭ ᠪᠣᠯᠣᠨ ᠭᠠᠷᠳᠠᠬᠤ ᠴᠡᠭ ᠪᠣᠯ ᠳᠠᠷᠤᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ᠬᠥᠭᠵᠢᠯᠲᠡ ᠶᠢ ᠶᠡᠭᠡ ᠪᠠᠷ ᠠᠳᠬᠤᠬᠤ᠂ ᠬᠥᠭᠵᠢᠯᠲᠡ ᠶᠢ ᠲᠦᠷᠭᠡᠳᠬᠡᠬᠦ ᠢᠲᠡᠭᠡᠯ ᠵᠣᠷᠢᠭ ᠢᠶᠠᠨ ᠪᠠᠲᠤᠳᠬᠠᠵᠤ᠂ ᠴᠢᠩᠭ᠎ᠠ ᠠᠳᠬᠤᠵᠤ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ︽ᠲᠠᠪᠤᠨ ᠶᠡᠭᠡ ᠡᠭᠦᠷᠭᠡ︾ ᠶᠢᠨ ᠲᠠᠰᠤᠷᠠᠯᠲᠠ ᠦᠭᠡᠢ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠳᠤ ᠪᠠᠭ᠎ᠠ ᠶᠠᠪᠤᠳᠠᠯ ᠭᠡᠵᠦ ᠦᠭᠡᠢ᠃ ᠦᠨᠳᠦᠰᠦᠲᠡᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠭᠡᠲᠦ ᠰᠡᠷᠭᠡᠭ ᠪᠠ ᠥᠯᠥ ᠣᠶᠢᠰᠢᠶᠠᠬᠤ ᠬᠤᠶᠠᠷ ᠵᠦᠢᠯ ᠤᠨ ᠪᠤᠷᠤᠭᠤ ᠬᠡᠯᠪᠡᠷᠢᠯ ᠢ ᠦᠨᠡᠨ ᠬᠦ ᠢᠯᠡᠨ ᠳᠠᠪᠠᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ᠃      ᠸᠠᠩ ᠯᠢ ᠰᠢᠶᠠ᠂ ᠯᠢᠦ ᠱᠤᠸᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号