ᠥᠪᠡᠷᠲᠡᠭᠡᠨ ᠵᠠᠰᠠᠬᠤ ᠣᠷᠣᠨ ᠤ 2023 ᠣᠨ ᠤ ᠬᠤᠶᠠᠳᠤᠭᠠᠷ ᠤᠳᠠᠭᠠᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠣᠶᠢᠯᠠᠭᠠᠯᠴᠠᠨ ᠰᠣᠯᠢᠯᠴᠠᠬᠤ ᠲᠣᠭᠤᠷᠢᠭ ᠰᠢᠷᠡᠭᠡᠨ ᠤ ᠬᠤᠷᠠᠯ — ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠶᠠᠷᠢᠯᠴᠠᠬᠤ ᠬᠤᠷᠠᠯ ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ ᠬᠦᠦᠳᠠᠭᠤᠯᠠ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/5/8
     5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ 2023 ᠣᠨ ᠤ ᠬᠤᠶᠠᠳᠤᠭᠠᠷ ᠤᠳᠠᠭᠠᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠣᠶᠢᠯᠠᠭᠠᠯᠴᠠᠨ ᠰᠣᠯᠢᠯᠴᠠᠬᠤ ᠲᠣᠭᠤᠷᠢᠭ ᠰᠢᠷᠡᠭᠡᠨ ᠤ ᠬᠤᠷᠠᠯ — ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠢ ᠡᠷᠬᠢᠯᠡᠭᠰᠡᠨ ᠪᠠᠶᠢᠨ᠎ᠠ᠃      ᠬᠤᠸᠠᠩ ᡁᠢ ᠴᠢᠶᠠᠩ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠲᠠᠢ ᠬᠤᠯᠪᠤᠭᠳᠠᠬᠤ ᠮᠥᠷᠲᠡᠭᠡᠨ ᠮᠠᠨ ᠤ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ ᠤᠨ ᠬᠥᠬᠡ ᠮᠥᠷᠡᠨ ᠤ ᠳᠤᠮᠳᠠ ᠤᠷᠤᠰᠬᠠᠯ ᠤᠨ ᠬᠤᠲᠠ ᠶᠢᠨ ᠰᠦᠷᠦᠭᠵᠢᠯ ᠤᠨ ᠬᠦᠭᠵᠢᠯᠲᠡ ᠳᠤ ᠲᠠᠬᠢᠨ ᠣᠷᠣᠭᠤᠯᠬᠤ ᠬᠠᠷᠠᠯᠲᠠ ᠶᠢ ᠪᠡᠶᠡᠯᠡᠭᠦᠯᠬᠦ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠡᠯᠡ ᠳᠣᠬᠢᠷᠠᠭᠤᠯᠬᠤ᠂ ᠭᠠᠵᠠᠷ ᠰᠢᠷᠣᠢ᠂ ᠴᠠᠬᠢᠯᠭᠠᠨ ᠤ ᠦᠨ᠎ᠡ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠡᠯᠧᠮᠧᠨ᠋ᠲ ᠤᠳ ᠲᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ︽ᠨᠢᠭᠡ ᠠᠰᠠᠭᠤᠳᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠤᠳ ᠢ ᠰᠢᠢᠳᠪᠦᠷᠢᠯᠡᠵᠦ᠂ ᠨᠡᠩ ᠤᠯᠠᠨ ᠰᠢᠯᠢᠳᠡᠭ ᠠᠵᠤ ᠠᠬᠤᠶᠢᠯᠠᠯ ᠤᠳ ᠢ ᠪᠤᠶᠢᠵᠢᠭᠤᠯᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ᠂ ᠪᠣᠳᠠᠲᠤ ᠴᠣᠭᠴᠠᠲᠤ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠡᠷᠲᠡᠬᠡᠨ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃      ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ 15 ᠠᠵᠤ ᠠᠬᠤᠶᠢᠯᠠᠯ ᠬᠤᠷᠠᠯ ᠳᠤ   ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号