ᠮᠠᠨ ᠤ ᠣᠷᠣᠨ ︽ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮ︾ ᠢ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/5/9
     5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠳᠤ ︽ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠵᠢᠴᠢ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠤᠳ ᠤᠬᠠᠭᠤᠯᠤᠨ ᠲᠠᠶᠢᠯᠪᠤᠷᠢᠯᠠᠬᠤ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠠᠰᠠᠭᠤᠨ ᠯᠠᠪᠯᠠᠯᠲᠠ ᠳᠤ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠠ᠃ ᠵᠠᠬᠢᠳᠠᠯ ᠰᠣᠷᠪᠤᠯᠵᠢᠯᠠᠯ ᠤᠨ ᠺᠠᠳ᠋ᠷᠴᠤᠳ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠲᠤ ᠬᠥᠷᠥᠭᠰᠡᠨ ᠤ ᠬᠠᠮᠲᠤ ᠡᠷᠦᠬᠡ ᠳᠤ ᠣᠷᠣᠵᠤ ︽ᠳᠦᠷᠢᠮ︾ ᠢ ᠤᠬᠠᠭᠤᠯᠬᠤ ᠵᠡᠷᠭᠡ ᠠᠵᠢᠯᠯᠠᠭ᠎ᠠ ᠥᠷᠨᠢᠭᠦᠯᠪᠡ᠃ ᠲᠤᠬᠠᠢ ᠶᠢᠨ ᠡᠳᠦᠷ᠂ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠣᠷᠣᠨ ᠤ ᠡᠯ᠎ᠡ ᠠᠶᠢᠮᠠᠭ ᠬᠤᠲᠠ ᠳᠤ ᠵᠡᠷᠭᠡ ᠪᠠᠷ ᠥᠷᠨᠢᠭᠦᠯᠵᠡᠢ᠃      ︽ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ᠂ ᠪᠦᠬᠦ ᠣᠷᠣᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠵᠠᠬᠢᠳᠠᠯ ᠰᠣᠷᠪᠤᠯᠵᠢᠯᠠᠯ ᠤᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠨᠠᠩ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠢ ᠪᠣᠯᠭᠠᠵᠤ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠨᠢᠭᠡ ᠪᠦᠯᠦᠭ ᠵᠠᠬᠢᠳᠠᠯ ᠰᠣᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠬᠠᠮᠠᠭᠠᠯᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠮᠡᠳᠡᠭᠡᠯᠡᠯ ᠵᠠᠭᠤᠴᠢᠯᠠᠭᠤᠷ ᠢᠶᠠᠷ ᠤᠬᠠᠭᠤᠯᠭ᠎ᠠ ᠬᠢᠬᠦ᠂ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠳᠦᠷᠢᠮ︾ ᠢ ᠤᠬᠠᠭᠤᠯᠤᠨ ᠲᠠᠶᠢᠯᠪᠤᠷᠢᠯᠠᠬᠤ ᠶᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠨᠢᠭᠡᠴᠢ ︽ᠲᠠᠪᠤ ᠳᠤ ᠭᠦᠨᠵᠡᠭᠡᠶᠢᠷᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠠ᠃ ᠡᠭᠦᠨ ᠠᠴᠠ ᠭᠠᠳᠠᠨ᠎ᠠ ᠂ ᠥᠪᠡᠷᠲᠡᠭᠡᠨ ᠵᠠᠰᠠᠬᠤ ᠣᠷᠣᠨ ᠪᠠᠰᠠ ᠭᠤᠣᠯ ᠰᠡᠳᠦᠪᠲᠦ ᠡᠬᠡ ᠪᠢᠴᠢᠭ ᠡᠯᠰᠡᠬᠦ ᠵᠢᠴᠢ ︽ᠳᠦᠷᠢᠮ ᠢ ᠰᠤᠷᠤᠯᠴᠠᠬᠤ ᠂ ᠳᠦᠷᠢᠮ ᠢ ᠬᠡᠷᠡᠭᠯᠡᠬᠦ︾ ᠵᠠᠬᠢᠳᠠᠯ ᠰᠣᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠬᠦ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠠᠯᠢ ᠣᠯᠠᠨ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠢ ᠡᠷᠭᠢᠯᠡᠵᠦ᠂ ︽ᠳᠦᠷᠢᠮ︾ ᠢ ᠮᠠᠨ ᠤ ᠣᠷᠣᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号