ᠣᠶᠢᠷ᠎ᠠ ᠶᠢᠨ 3 ᠵᠢᠯ ᠤᠨ ᠮᠡᠷᠭᠡᠵᠢᠯ ᠤᠨ ᠦᠷ᠎ᠡ ᠪᠦᠲᠦᠭᠡᠯ ᠤᠨ ᠲᠤᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ ᠭᠠᠳᠠᠨ᠎ᠠ ᠠᠴᠠ ᠣᠷᠣᠭᠤᠯᠵᠤ ᠢᠷᠡᠭᠰᠡᠨ ᠮᠡᠷᠭᠡᠵᠢᠯ ᠤᠨ ᠠᠷᠠᠯᠵᠢᠶᠠᠨ ᠤ ᠲᠡᠷᠢᠭᠦᠨ ᠳᠤ ᠣᠷᠣᠪᠠ ᠪᠡᠭᠡᠵᠢᠩ ᠥᠪᠥᠷ ᠮᠣᠩᠭᠤᠯ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ 294 ᠲᠥᠷᠥᠯ ᠵᠦᠢᠯ ᠳᠤ ᠬᠠᠮᠲᠤᠷᠠᠯᠴᠠᠵᠤ 298 ᠵᠦᠢᠯ ᠤᠨ ᠮᠡᠷᠭᠡᠵᠢᠯ ᠢ ᠣᠷᠣᠭᠤᠯᠤᠨ ᠠᠪᠴᠢᠷᠠᠪᠠ
ᠨᠡᠶᠢᠲᠡᠯᠡᠭᠰᠡᠨ ᠴᠠᠭ᠄
2023/5/9
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ 3 ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ 294 ᠲᠥᠷᠥᠯ ᠵᠦᠢᠯ ᠳᠤ ᠬᠠᠮᠲᠤᠷᠠᠯᠴᠠᠵᠤ᠂ 298 ᠵᠦᠢᠯ ᠤᠨ ᠮᠡᠷᠭᠡᠵᠢᠯ ᠢ ᠣᠷᠣᠭᠤᠯᠤᠨ ᠠᠪᠴᠢᠷᠠᠵᠤ᠂ 73 ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠤᠨ᠂ 500 ᠭᠠᠷᠤᠢ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠢ ᠬᠠᠮᠲᠤ ᠪᠠᠷ ᠬᠥᠷᠲᠡᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠪᠠᠷ ᠳᠡᠮᠵᠢᠨ ᠣᠷᠣᠭᠤᠯᠤᠭᠰᠠᠨ ᠮᠡᠷᠭᠡᠵᠢᠯ ᠤᠨ ᠦᠷ᠎ᠡ ᠪᠦᠲᠦᠭᠡᠯ ᠤᠨ ᠲᠤᠭ᠎ᠠ ᠬᠡᠮᠵᠢᠶ᠎ᠡ᠂ ᠠᠷᠠᠯᠵᠢᠶᠠᠨ ᠤ ᠵᠣᠭᠤᠰ ᠤᠨ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ ᠣᠷᠣᠭᠤᠯᠵᠤ ᠢᠷᠡᠭᠰᠡᠨ ᠮᠡᠷᠭᠡᠵᠢᠯ ᠤᠨ ᠠᠷᠠᠯᠵᠢᠶᠠᠨ ᠤ ᠲᠡᠷᠢᠭᠦᠨ ᠳᠤ ᠣᠷᠣᠪᠠ᠃      ᠰᠢᠨ᠎ᠡ ᠨᠢᠭᠡᠨ ᠡᠭᠡᠯᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠨᠢ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠡᠨᠡ ᠵᠢᠯ ᠤᠨ 2 ᠳ᠋ᠤᠭᠠᠷ ᠰᠠᠷ᠎ᠠ ᠳᠤ᠂ ᠥᠪᠥᠷ ᠮᠣᠩᠭᠤᠯ ᠬᠢᠭᠡᠳ ᠪᠡᠭᠡᠵᠢᠩ ︽ᠪᠡᠭᠡᠵᠢᠩ ᠥᠪᠥᠷ ᠮᠣᠩᠭᠤᠯ ᠬᠠᠮᠵᠢᠯᠴᠠᠵᠤ ᠤᠯᠤᠰ ᠲᠥᠷᠥ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠪᠦᠳᠦᠭᠦᠪᠴᠢ ᠵᠥᠪᠯᠡᠯᠴᠡᠭᠡᠷ ᠲᠣᠭᠲᠠᠵᠤ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤ ᠪᠠᠷ ᠠᠬᠢᠭᠤᠯᠪᠠ᠃ ᠡᠨᠡ ᠵᠢᠯ᠂ ᠪᠠᠶᠠᠨᠨᠠᠭᠤᠷ ᠤᠨ ᠤᠯᠤᠰ ᠤᠨ ᠳᠡᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠲᠤᠷᠠᠨ ᠪᠠᠶᠢᠭᠤᠯᠤᠭᠰᠠᠨ ᠮᠢᠬᠠᠨ ᠤ ᠬᠤᠨᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠪᠠᠶᠢᠭᠤᠯᠤᠭᠳᠠᠪᠠ᠃ ᠬᠢᠩᠭᠠᠨ ᠠᠶᠢᠮᠠᠭ ᠤᠨ ᠠᠵᠤ ᠠᠬᠤᠶᠢᠯᠠᠯ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠬᠦ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 10 ᠲᠥᠷᠥᠯ ᠵᠦᠢᠯ ᠢ ᠰᠦᠯᠵᠢᠶᠡᠨ ᠳᠡᠭᠡᠷ᠎ᠡ ᠲᠣᠭᠲᠠᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠲᠥᠪ ᠬᠢᠭᠡᠳ ᠪᠡᠭᠡᠵᠢᠩ ᠤᠨ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠬᠤ ᠲᠤᠬᠠᠢ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠪᠡᠭᠡᠵᠢᠩ ᠬᠤᠲᠠ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠠᠮᠢᠳᠤ ᠪᠣᠳᠠᠰ ᠤᠨ ᠮᠠᠰ ᠤᠨ ᠡᠰᠢ ᠰᠦᠷᠡᠯ ᠢ ᠠᠰᠢᠭᠯᠠᠬᠤ ᠴᠢᠭᠯᠡᠯ ᠢᠶᠠᠷ ᠰᠤᠳᠤᠯᠤᠨ ᠨᠡᠭᠡᠭᠡᠬᠦ ᠲᠠᠪᠴᠠᠩ ᠢ ᠬᠠᠮᠲᠤ ᠪᠠᠷ ᠪᠠᠶᠢᠭᠤᠯᠬᠤ ᠪᠠᠷ ᠲᠦᠯᠦᠪᠯᠡᠵᠦ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠳᠤ ᠲᠣᠭᠠᠵᠢᠭᠤᠯᠤᠨ ᠪᠤᠳᠤᠬᠤ ᠴᠢᠳᠠᠮᠵᠢ ᠶᠢᠨ ᠲᠥᠪ ᠪᠠᠶᠢᠭᠤᠯᠬᠤ ᠶᠢ ᠬᠠᠮᠲᠤ ᠪᠠᠷ ᠠᠬᠢᠭᠤᠯᠬᠤ ᠪᠠᠷ ᠪᠤᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠨᠡᠩ ᠤᠯᠠᠨ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠥᠪᠥᠷ ᠮᠣᠩᠭᠤᠯ ᠲᠡᠶᠢᠰᠢ ᠣᠷᠭᠢᠯᠤᠨ ᠬᠤᠷᠠᠵᠤ ᠪᠠᠶᠢᠨ᠎ᠠ᠃      ︽ᠲᠠᠪᠤᠨ ᠶᠡᠭᠡ ᠡᠭᠦᠷᠭᠡ︾ ᠲᠠᠢ ᠬᠠᠷᠢᠴᠠᠭᠤᠯᠤᠨ᠂ ᠥᠪᠡᠷᠲᠡᠭᠡᠨ ᠵᠠᠰᠠᠬᠤ ᠣᠷᠣᠨ ᠤ 8 ᠲᠣᠮᠣ ᠠᠵᠤ ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ᠂ ᠬᠤᠯᠪᠤᠭᠠᠯᠠᠨ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠣᠶᠤᠨ ᠬᠦᠴᠦᠨ ᠢ ᠬᠦᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠡᠷᠭᠡ ᠲᠠᠯ᠎ᠠ ᠪᠠᠷ ᠪᠦᠲᠦᠮᠵᠢᠲᠡᠢ ᠪᠠᠶᠢᠷᠢᠰᠢᠭᠤᠯᠤᠨ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠡᠮᠵᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号