6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ︾ ᠭᠡᠬᠦ ᠭᠤᠣᠯ | ᠰᠡᠳᠦᠪ ᠤᠨ ᠲᠣᠭᠤᠷᠢᠨ ᠳᠤ᠂ ᠭᠤᠣᠯ ᠰᠡᠳᠦᠪᠲᠦ ᠬᠥᠮᠥᠵᠢᠯ ᠤᠨ ᠮᠤᠵᠢ ᠶᠢᠨ ᠳᠡᠰ ᠤᠨ ᠤᠳᠤᠷᠢᠳᠬᠤ | ᠨᠥᠬᠦᠳ ᠤᠨ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ | ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ | ᠬᠤᠷᠠᠯ ᠢ ᠡᠷᠬᠢᠯᠡᠵᠦ᠂ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ | ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ ᠰᠠᠨ ᠵᠢᠴᠢ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ | ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠶᠠᠨ ᠺᠦᠨ ᠨᠠᠷ ᠣᠷᠣᠯᠴᠠᠵᠠᠢ᠃ | ᠬᠤᠷᠠᠯ ᠳᠡᠭᠡᠷ᠎ᠡ᠂ ᠶᠠᠩ ᠸᠧᠢ ᠳ᠋ᠦᠩ᠂ ᠴᠢ᠊ ᠪᠠᠲᠤ᠂ ᠪᠣᠣ ᠰᠢᠶᠠᠨ ᠬᠤᠸᠠ᠂ ᠵᠧᠩ ᠭᠤᠸᠠᠩ ᠵᠤᠤ᠂ ᠶᠣᠣ | ᠶᠦᠩ ᠪᠥᠸᠧ᠂ ᠵᠠᠩ ᠯᠧᠢ ᠭᠤᠣᠯ ᠰᠡᠳᠦᠪ ᠢ ᠴᠢᠩᠭ᠎ᠠ ᠡᠵᠡᠮᠳᠡᠵᠦ᠂ ᠣᠶᠢᠷ᠎ᠠ ᠶᠢᠨ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠶᠢᠨ ᠢᠶᠠᠨ ᠦᠷ᠎ᠡ ᠪᠦᠲᠦᠭᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠯᠢ | ᠪᠢᠩ ᠷᠥᠩ᠂ ᠡᠦ ᠶᠠᠨ ᠭᠠᠩ᠂ ᠯᠦᠸᠧ ᡁᠢ ᠬᠤ᠋᠂ ᠠᠨ ᠷᠦᠨ ᠱᠧᠩ ᠪᠢᠴᠢᠭ ᠤᠨ ᠬᠡᠯᠪᠡᠷᠢ ᠶᠢᠨ ᠰᠣᠯᠢᠯᠴᠠᠭᠠᠨ ᠤ | ᠮᠠᠲ᠋ᠧᠷᠢᠶᠠᠯ ᠢᠶᠠᠨ ᠳᠡᠪᠰᠢᠭᠦᠯᠪᠡ᠃ ᠰᠦᠨ ᠱᠣᠣ ᠴᠧᠩ ᠡᠮᠦᠨ᠎ᠡ ᠬᠡᠰᠡᠭ ᠬᠤᠭᠤᠴᠠᠭᠠᠨ ᠤ ᠮᠤᠵᠢ ᠶᠢᠨ ᠳᠡᠰ ᠤᠨ | ᠤᠳᠤᠷᠢᠳᠬᠤ ᠨᠥᠬᠦᠳ ᠤᠨ ᠰᠡᠳᠦᠪ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠭᠰᠡᠨ ᠠᠵᠢᠯ ᠤᠨ ᠲᠤᠬᠠᠢ ᠪᠠᠭ᠎ᠠ | ᠳ᠋ᠦᠩᠨᠡᠯᠲᠡ ᠬᠢᠵᠦ᠂ ᠦᠷ᠎ᠡ ᠪᠦᠲᠦᠭᠡᠯ ᠢ ᠨᠤᠲᠠᠯᠠᠭᠰᠠᠨ ᠪᠥᠭᠡᠳ ᠴᠢᠷᠮᠠᠶᠢᠬᠤ ᠴᠢᠭᠯᠡᠯ ᠢ ᠵᠢᠭᠠᠵᠤ᠂ ᠥᠪᠡᠷ ᠤᠨ | ᠪᠠᠶᠢᠴᠠᠭᠠᠨ ᠰᠤᠳᠤᠯᠤᠯᠲᠠ ᠶᠢᠨ ᠰᠣᠩᠭᠤᠭᠰᠠᠨ ᠰᠡᠳᠦᠪ ᠪᠠ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ | ᠲᠣᠭᠤᠷᠢᠨ ᠳᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠪᠣᠳᠣᠯᠬᠢᠯᠠᠯ ᠪᠠ | ᠪᠣᠳᠣᠯ ᠢᠶᠠᠨ ᠶᠠᠷᠢᠪᠠ᠃ | ᠰᠠᠨᠠᠯ ᠢᠶᠠᠨ ᠰᠣᠯᠢᠯᠴᠠᠵᠤ ᠦᠭᠡ ᠶᠠᠷᠢᠭᠰᠠᠨ ᠤ ᠳᠠᠷᠠᠭ᠎ᠠ᠂ ᠰᠦᠨ ᠱᠣᠣ ᠴᠧᠩ᠂ ᠣᠳᠣᠬᠠᠨ ᠳᠤ ᠮᠠᠨ ᠤ | ᠪᠠᠶᠢᠴᠠᠭᠠᠨ ᠰᠤᠳᠤᠯᠤᠯᠲᠠ ᠶᠢᠨ ᠠᠵᠢᠯ ᠮᠥᠨ ᠯᠡ ᠠᠩᠬᠠᠨ ᠤ ᠶᠠᠪᠤᠴᠠ ᠳᠤ ᠪᠣᠢ᠂ ᠨᠠᠮ ᠤᠨ ᠲᠥᠪ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠨ | ᠰᠤᠳᠤᠯᠤᠯᠲᠠ ᠶᠢ ᠶᠡᠭᠡ ᠪᠠᠷ ᠥᠷᠨᠢᠭᠦᠯᠬᠦ ᠶᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠢ᠃ ᠮᠤᠵᠢ ᠶᠢᠨ ᠱᠠᠲᠤᠨ ᠤ | ᠤᠳᠤᠷᠢᠳᠬᠤ ᠨᠥᠬᠦᠳ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ | ᠺᠠᠳ᠋ᠷ ᠢ ᠬᠥᠲᠥᠯᠥᠨ ᠳᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠨ ᠠᠩᠬᠠᠷᠴᠤ ᠪᠠᠶᠢᠭ᠎ᠠ ︽ | ᠲᠠᠪᠤᠨ ᠶᠡᠭᠡ ᠡᠭᠦᠷᠭᠡ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠴᠢᠬᠤᠯᠠ ᠠᠵᠢᠯ ᠢ ᠴᠢᠨᠠᠷ | ᠰᠠᠶᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ | ᠵᠠᠰᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ᠂ ᠨᠡᠭᠡᠭᠡᠨ ᠬᠥᠭᠵᠢᠭᠦᠯᠦᠯᠲᠡ ᠶᠢᠨ | ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠠᠵᠢᠯ ᠣᠯᠭᠤᠯᠲᠠ ᠨᠠᠰᠤᠵᠢᠯ ᠤᠨ ᠠᠰᠠᠷᠠᠮᠵᠢ | ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ | ᠂ ᠣᠨᠢᠨ ᠳᠡᠭᠡᠷ᠎ᠡ ᠨᠢ ᠰᠡᠳᠦᠪ ᠰᠣᠩᠭᠤᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠲᠦᠭᠵᠢᠷᠡᠯ ᠴᠡᠭ | ᠬᠤᠷᠢᠭ᠎ᠠ ᠴᠡᠭ ᠢ ᠣᠨᠣᠪᠴᠢᠲᠠᠢ ᠡᠷᠢᠵᠦ᠂ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠬᠠᠶᠢᠨ ᠰᠦᠪᠡᠭᠴᠢᠯᠡᠬᠦ ᠬᠡᠷᠡᠭᠲᠡᠢ᠃ | ︽ᠬᠢᠭᠰᠡᠨ ᠬᠤᠷᠠᠯ ᠢᠶᠠᠨ ᠪᠢ ᠲᠤᠭᠤᠰᠢᠯᠠᠭᠤᠯᠤᠨ᠎ᠠ᠂ ᠬᠢᠭᠰᠡᠨ ᠴᠣᠬᠤᠯᠠᠪᠤᠷᠢ ᠪᠠᠨ ᠪᠢ ᠨᠠᠶᠢᠳᠠᠪᠤᠷᠢᠵᠢᠭᠤᠯᠤᠨ᠎ᠠ᠂ | ᠲᠣᠭᠲᠠᠭᠠᠭᠰᠠᠨ ᠲᠥᠷᠥ ᠶᠢᠨ ᠪᠣᠳᠣᠯᠭ᠎ᠠ ᠪᠠᠨ ᠪᠢ ᠭᠦᠢᠴᠡᠳᠬᠡᠬᠦ︾ ᠲᠠᠢ ᠠᠳᠠᠯᠢ ᠪᠠᠷ᠂ ︽ᠬᠢᠭᠰᠡᠨ ᠪᠠᠶᠢᠴᠠᠭᠠᠨ | ᠰᠤᠳᠤᠯᠤᠯᠲᠠ ᠪᠠᠨ ᠪᠢ ᠠᠬᠢᠭᠤᠯᠬᠤ︾ ᠶᠢ ᠪᠡᠶᠡᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ | ᠢᠯᠡᠷᠡᠭᠦᠯᠦᠭᠰᠡᠨ ᠠᠰᠠᠭᠤᠳᠠᠯ᠂ ᠳᠤᠷᠠᠳᠤᠭᠰᠠᠨ ᠠᠵᠢᠯ ᠤᠨ ᠰᠡᠳᠬᠢᠴᠡ ᠪᠠ ᠰᠠᠨᠠᠭᠤᠯᠭ᠎ᠠ ᠪᠥᠬᠦᠨ ᠢ ᠡᠬᠢᠨ ᠠᠴᠠ ᠨᠢ | ᠠᠳᠠᠭ ᠲᠤᠨᠢ ᠲᠤᠯᠲᠠᠯ᠎ᠠ ᠠᠩᠬᠠᠷᠴᠤ᠂ ᠪᠤᠰᠤᠳ ᠬᠤᠪᠢᠳᠠᠨ ᠬᠠᠮᠢᠶᠠᠷᠴᠤ ᠪᠠᠶᠢᠭ᠎ᠠ ᠮᠤᠵᠢ ᠶᠢᠨ ᠳᠡᠰ ᠤᠨ | ᠤᠳᠤᠷᠢᠳᠬᠤ ᠨᠥᠬᠦᠳ ᠴᠦ ᠰᠠᠨᠠᠭᠠᠴᠢᠯᠠᠭ᠎ᠠ ᠠᠴᠠ ᠪᠠᠨ ᠭᠠᠷᠳᠠᠵᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ | ᠬᠡᠯᠡᠪᠡ᠃ | ᠰᠦᠨ ᠱᠣᠣ ᠴᠧᠩ᠂ ᠣᠶᠢᠷ᠎ᠠ ᠳᠤ ᠮᠤᠵᠢ ᠶᠢᠨ ᠳᠡᠰ ᠤᠨ ᠤᠳᠤᠷᠢᠳᠬᠤ ᠨᠥᠬᠦᠳ ᠪᠣᠯᠣᠨ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ | ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠨᠢ ᠨᠡᠯᠢᠶᠡᠳ ᠲᠥᠪᠯᠡᠷᠡᠩᠭᠦᠢ ᠪᠠᠶᠢᠨ᠎ᠠ᠂ | ᠣᠯᠠᠨ ᠢᠶᠠᠷ ᠢᠶᠠᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠳᠡᠭᠡᠨ ᠵᠠᠪᠠᠯ ᠬᠥᠮᠥᠨ ᠴᠥᠭᠡᠨ ᠬᠥᠰᠬᠡ ᠬᠥᠩᠭᠡᠨ | ᠪᠠᠶᠢᠵᠤ᠂ ᠦᠨᠳᠦᠰᠦᠨ ᠱᠠᠲᠤᠨ ᠤ ᠬᠡᠪ ᠤᠨ ᠠᠵᠢᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠥᠵᠢᠯ ᠤᠨ ᠠᠯᠪᠠᠨ ᠭᠡᠷ ᠪᠣᠯᠣᠨ | ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠣᠪᠤᠭᠠᠷᠠᠯᠳᠤᠵᠤ | ᠪᠠᠶᠢᠴᠠᠭᠠᠨ ᠰᠤᠳᠤᠯᠤᠯᠲᠠ ᠬᠢᠬᠦ᠂ ᠣᠯᠠᠨ ᠭᠠᠵᠠᠷ ᠠᠴᠠ ᠪᠠᠶᠢᠴᠠᠭᠠᠨ ᠰᠤᠳᠤᠯᠤᠯᠲᠠ ᠬᠢᠬᠦ ᠶᠢ ᠰᠡᠷᠭᠡᠶᠢᠯᠡᠬᠦ ᠬᠡᠷᠡᠭᠲᠡᠢ | ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠥᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠵᠢᠴᠢ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ᠃ |